ᠰᠦᠨᠢᠳ ᠵᠡᠭᠦᠨ ᠬᠤᠰᠢᠭᠤᠨ ᠤ ︽ᠴᠠᠯᠢᠩ ᠢ ᠪᠠᠲᠤᠯᠠᠬᠤ ᠠᠵᠢᠯᠯᠠᠭ᠎ᠠ︾ ᠡᠮᠬᠢ ᠵᠢᠷᠤᠮ ᠲᠠᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2024/7/11
     ᠳᠡᠭᠡᠳᠦ ᠱᠠᠲᠤᠨ ᠤ ︽ᠴᠠᠯᠢᠩ ᠢ ᠪᠠᠲᠤᠯᠠᠬᠤ ᠠᠵᠢᠯᠯᠠᠭ᠎ᠠ︾ ᠶᠢ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠶᠠᠭ ᠥᠷᠨᠢᠭᠦᠯᠵᠦ ᠪᠠᠶᠢᠭ᠎ᠠ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠬᠦ︾ ᠠᠵᠢᠯ ᠲᠠᠢ ᠤᠶᠠᠯᠳᠤᠭᠤᠯᠤᠨ᠂ ᠮᠠᠨ ᠤ ᠬᠤᠰᠢᠭᠤ 5 ᠳ᠋ᠤᠭᠠᠷ ᠰᠠᠷ᠎ᠠ ᠶᠢᠨ 29 ᠤ ᠡᠳᠦᠷ ᠠᠴᠠ 9 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠪᠦᠬᠦ ᠬᠤᠰᠢᠭᠤᠨ ᠤ ᠬᠡᠪᠴᠢᠶᠡᠨ ᠳᠤ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢᠨ ᠬᠦᠷᠢᠶᠡᠨ ᠳᠠᠬᠢ ︽ᠴᠠᠯᠢᠩ ᠢ ᠪᠠᠲᠤᠯᠠᠬᠤ ᠠᠵᠢᠯᠯᠠᠭ᠎ᠠ︾ ᠶᠢ ᠥᠷᠨᠢᠭᠦᠯᠪᠡ᠃      ︽ᠴᠠᠯᠢᠩ ᠢ ᠪᠠᠲᠤᠯᠠᠬᠤ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠶ ᠦᠷᠨᠢᠭᠦᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠷᠬᠡ ᠪᠠᠨ ᠬᠠᠮᠠᠭᠠᠯᠠᠬᠤ ᠳᠤ ᠬᠦᠴᠦᠨ ᠨᠡᠮᠡᠷᠢᠯᠡᠵᠦ᠂ ᠬᠥᠳᠡᠯᠮᠦᠷᠢᠴᠢᠨ ᠪᠠ ᠬᠥᠮᠦᠨ ᠬᠡᠷᠡᠭᠯᠡᠬᠦ ᠨᠢᠭᠡᠴᠡ ᠶᠢᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠪᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ᠂ ᠲᠤᠰᠬᠠᠶ ᠰᠡᠳᠦᠪᠲᠦ ᠪᠤᠯᠪᠠᠰᠤᠷᠠᠯ ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾᠂ ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠠᠵᠢᠯᠴᠢᠨ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠭᠰᠠᠨ ᠤ ᠬᠠᠮᠲᠤ᠂ ᠪᠠᠷᠢᠯᠭ᠎ᠠ ᠶᠢᠨ ᠭᠠᠵᠠᠷ ᠲᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠷᠬᠡ ᠠᠰᠢᠭ ᠢᠶᠠᠨ ᠬᠠᠮᠠᠭᠠᠯᠠᠬᠤ ᠵᠠᠷᠯᠠᠯ ᠤᠨ ᠫᠠᠶᠢᠰᠠ ᠭᠠᠷᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ︽ᠴᠠᠯᠢᠩ ᠢ ᠪᠠᠲᠤᠯᠠᠬᠤ ᠺᠠᠷᠲ︾ ᠲᠡᠷᠬᠠᠭᠠᠨ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠭᠡᠮ ᠳᠤ ᠬᠠᠨᠳᠤᠭᠤᠯᠪᠠ᠃ ᠵᠢᠯ ᠤᠨ ᠡᠬᠢᠨ ᠠᠴᠠ ᠨᠠᠰᠢ᠂ ᠡᠯ᠎ᠡ ᠲᠥᠷᠥᠯ ᠤᠨ ᠠᠷᠭ᠎ᠠ ᠵᠠᠮ ᠤᠨ ᠢᠯᠡᠴᠢᠯᠡᠨ ᠮᠡᠳᠡᠭᠦᠯᠵᠦ ᠵᠠᠭᠠᠯᠳᠤᠭᠰᠠᠨ ᠰᠦᠪᠡᠭᠴᠢ ᠶᠢ ᠨᠡᠶᠢᠲᠡ 48 ᠬᠤᠪᠢ ᠭᠥᠯᠢᠶᠡᠨ ᠠᠪᠴᠤ ᠰᠢᠢᠳᠪᠦᠷᠢᠯᠡᠨ ᠳᠠᠭᠤᠰᠬᠠᠵᠤ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100 % ᠳᠤ ᠬᠦᠷᠴᠦ᠂ 104 ᠬᠥᠳᠡᠯᠮᠦᠷᠢᠴᠢᠳ ᠲᠤ 223.1 ᠲᠦᠮᠡᠨ ᠲᠥᠭᠦᠷᠢᠭ ᠤᠨ ᠴᠠᠯᠢᠩ  ᠢᠨᠡᠬᠡᠵᠦ ᠤᠯᠭᠤᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号