6 ᠰᠠᠷ᠎ᠠ ᠶᠢᠨ 29 ᠤ ᠡᠳᠦᠷ᠂ ᠪᠠᠶ᠋ᠬᠠᠤᠷᠬᠢᠯ ᠭᠠᠴᠠᠭ᠎ᠠ ᠮᠠᠯᠴᠢᠳ ᠤᠨ ᠶᠡᠭᠡ ᠬᠤᠷᠠᠯ | ᠬᠤᠷᠠᠯᠳᠤᠭᠤᠯᠵᠤ᠂ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠳᠠᠷᠤᠭ᠎ᠠ ᠬᠤᠷᠠᠯ ᠡᠷᠬᠢᠯᠡᠵᠤ᠂ | ᠰᠤᠮᠤᠨ ᠤ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠦᠪᠯᠡᠯ︾ ᠤᠨ ᠪᠦᠷᠢᠯᠳᠦᠬᠦᠨ᠂ ᠬᠡᠰᠡᠭ ᠮᠠᠯᠴᠢᠳ | ᠬᠤᠷᠠᠯ ᠳᠤ ᠤᠷᠤᠯᠴᠠᠪᠠ᠃ | ᠬᠤᠷᠠᠯ ᠳᠡᠭᠡᠷ᠎ᠡ᠂ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠤ ᠳᠠᠷᠤᠭ᠎ᠠ ᠠᠴᠠ ︽ᠰᠦᠨᠢᠳ | ᠵᠡᠬᠦᠨ ᠬᠤᠰᠢᠭᠤᠨ ᠤ ᠤᠳᠤᠬᠠᠨ ᠤ ᠭᠠᠩ ᠤᠨ ᠪᠠᠶᠢᠳᠠᠯ ᠢ ᠪᠦᠲᠦᠮᠵᠢᠲᠡᠢ ᠠᠷᠭᠠᠴᠠᠬᠤ ᠠᠷᠭ᠎ᠠ ᠬᠡᠮᠵᠢᠶ᠎ᠡ ᠨᠦᠭᠦᠳ︾ | ᠤᠨ ᠲᠤᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠦᠬᠡᠳ ᠮᠠᠯ ᠤᠨ ᠭᠠᠷᠭᠠᠯᠲᠠ᠂ ᠬᠠᠮᠲᠤ ᠶᠢᠨ ᠮᠠᠯ ᠤᠨ | ᠳᠠᠭᠠᠭᠠᠴᠢᠯᠠᠯᠲᠠ᠂ ᠬᠠᠮᠲᠤ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠵᠡᠷᠭᠡ ᠶᠠᠪᠤᠳᠠᠯ ᠤᠨ ᠲᠤᠬᠠᠢ ︽ᠬᠤᠶᠠᠷ | ᠵᠦᠪᠯᠡᠯ︾ ᠤᠨ ᠪᠦᠷᠢᠯᠳᠦᠬᠦᠨ᠂ ᠮᠠᠯᠴᠢᠳ ᠤᠨ ᠲᠦᠯᠦᠬᠡᠯᠡᠭᠴᠢᠳ ᠲᠠᠢ ᠵᠦᠪᠳᠡᠯᠴᠡᠨ ᠰᠤᠳᠤᠯᠵᠠᠢ᠃ | ᠬᠤᠷᠠᠯ ᠤᠨ ᠳᠠᠷᠠᠭ᠎ᠠ ᠰᠤᠶᠤᠯ ᠲᠠᠮᠢᠷ ᠵᠤᠭ᠎ᠠ ᠴᠡᠩᠭᠡᠯ ᠤᠨ ᠠᠵᠢᠯᠯᠠᠭ᠎ᠠ ᠦᠷᠨᠢᠬᠦᠯᠵᠤ᠂ ᠭᠠᠴᠠᠭᠠᠨ ᠤ | ᠮᠠᠯᠴᠢᠨ ᠲᠦᠮᠡᠨ ᠢᠳᠡᠪᠬᠢᠲᠠᠢ ᠤᠷᠤᠯᠴᠠᠪᠠ᠃ | |