ᠪᠠᠶ᠋ᠬᠠᠤᠷᠬᠢᠯ ᠭᠠᠴᠠᠭᠠᠨ ᠤ ᠨᠠᠮ ᠤᠨ ᠡᠬᠦᠷ ︽ᠳᠤᠯᠤᠭᠠᠨ ᠰᠠᠷ᠎ᠠ ᠶᠢᠨ ᠨᠢᠬᠡᠨ︾ ᠢ ᠤᠭᠲᠤᠬᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠭᠤᠤᠯ ᠰᠡᠳᠤᠪᠲᠤ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/7/11
     6 ᠰᠠᠷ᠎ᠠ ᠶᠢᠨ 29 ᠤ ᠡᠳᠦᠷ᠂ ᠪᠠᠶ᠋ᠬᠠᠤᠷᠬᠢᠯ ᠭᠠᠴᠠᠭᠠᠨ ᠤ ᠨᠠᠮ ᠤᠨ ᠡᠬᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠭᠤᠤᠯ ᠰᠡᠳᠤᠪᠲᠤ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠡ᠃ ᠰᠤᠮᠤᠨ ᠤ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠨᠢᠭᠡᠳᠤᠭᠡᠷ ᠱᠦᠵᠢ᠂ ᠭᠠᠴᠠᠭᠠᠨ ᠤ ᠨᠠᠮ ᠤᠨ ᠬᠡᠰᠢᠬᠦᠨ ᠠᠵᠢᠯᠯᠠᠭ᠎ᠠ ᠳᠤ ᠤᠷᠤᠯᠴᠠᠪᠠ᠃      ᠨᠠᠮ ᠤᠨ ᠡᠬᠦᠷ ᠤᠨ ᠱᠦᠵᠢ ᠳᠠᠭᠠᠭᠤᠯᠤᠨ ᠰᠤᠷᠤᠯᠴᠠᠬᠤ ᠬᠡᠯᠪᠡᠷᠢ ᠪᠠᠷ ᠨᠠᠮ ᠤᠨ ᠬᠡᠰᠢᠭᠦᠳ ᠢ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠦᠭᠬᠦ ᠳᠦᠷᠢᠮ︾ ᠤᠨ ᠬᠤᠯᠪᠤᠭᠳᠠᠯ ᠪᠦᠬᠦᠢ ᠠᠭᠤᠯᠭ᠎ᠠ ᠶᠢ ᠲᠦᠪᠯᠡᠷᠡᠬᠦᠯᠦᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢ ᠠᠵᠢᠯ ᠤᠨ ᠳᠤᠮᠳᠠ ᠵᠢᠷᠤᠮᠯᠠᠬᠤ ᠶᠤᠰᠤᠲᠠᠢ ᠶᠡᠷᠤᠩᠬᠡᠢ ᠱᠠᠭᠠᠷᠳᠠᠯᠭ᠎ᠠ᠂ ᠬᠡᠷᠡᠭᠯᠡᠬᠦ ᠬᠡᠪᠴᠢᠶ᠎ᠡ ᠵᠡᠷᠭᠡ ᠳᠤ ᠨᠠᠷᠢᠨ ᠲᠠᠶᠢᠯᠤᠮᠵᠢ ᠬᠢᠪᠡ᠃ ᠬᠤᠷᠠᠯ ᠠᠴᠠ ᠱᠠᠭᠠᠷᠳᠠᠭᠰᠠᠨ ᠨᠢ ᠨᠠᠮ ᠤᠨ ᠬᠡᠰᠢᠬᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠦᠭᠬᠦ ᠳᠦᠷᠢᠮ︾ ᠢᠶᠠᠷ ᠪᠠᠷᠢᠮᠵᠢᠶ᠎ᠠ ᠪᠤᠯᠭᠠᠵᠤ᠂ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠵᠤ᠂ ᠠᠵᠢᠯᠯᠠᠭ᠎ᠠ ᠳᠠᠭᠠᠨ ᠢᠯᠡᠷᠡᠬᠦᠯᠵᠤ᠂ ᠬᠦᠰᠡᠯᠡᠩ ᠢᠳᠡᠬᠡᠯ ᠪᠢᠰᠢᠷᠡᠯ ᠢᠶᠠᠨ ᠪᠠᠲᠤᠳᠬᠠᠵᠤ᠂ ᠵᠤᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠤᠭᠲᠠᠭᠠᠯ ᠢ ᠴᠢᠩᠭ᠎ᠠ ᠵᠢᠷᠤᠮᠯᠠᠵᠤ᠂ ᠰᠠᠬᠢᠯᠭ᠎ᠠ ᠪᠠᠲᠤ ᠶᠢᠨ ︽ᠬᠤᠷᠢᠭ᠎ᠠ ᠱᠤᠭᠤᠮ︾ ᠢ ᠰᠠᠬᠢᠵᠤ᠂ ︽ᠤᠯᠠᠭᠠᠨ ᠱᠤᠭᠤᠮ︾ ᠢ ᠳᠠᠪᠠᠭ᠋ᠤ ᠦᠬᠡᠢ ᠪᠠᠶᠢᠵᠤ᠂ ᠬᠠᠤᠯᠢ ᠰᠠᠬᠢᠯᠭ᠎ᠠ ᠶᠢ ᠤᠶᠢᠯᠠᠭᠠᠬᠤ᠂ ᠶᠤᠰᠤ ᠳᠦᠷᠢᠮ ᠢ ᠲᠤᠳᠤᠷᠬᠠᠶᠢᠯᠠᠬᠤ ᠶᠢ ᠦᠨᠡᠨ ᠬᠦ ᠪᠡᠶᠡᠯᠡᠬᠦᠯᠵᠤ᠂ ᠰᠤᠷᠲᠠᠯ ᠴᠢᠬᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃      ᠠᠵᠢᠯᠯᠠᠭ᠎ᠠ ᠳᠤᠮᠳᠠ᠂ ᠰᠢᠯᠢᠳᠡᠭ ᠨᠠᠮ ᠤᠨ ᠬᠡᠰᠢᠬᠦᠨ᠂ ᠰᠢᠯᠢᠳᠡᠭ ᠵᠠᠯᠠᠭᠤᠴᠤᠳ᠂ ᠳᠠᠭᠠᠭᠠᠴᠢᠯᠠᠨ ᠬᠠᠷᠢᠯᠴᠠᠬᠤ ᠺᠠᠳ᠋ᠷ ᠢ ᠬᠦᠬᠢᠬᠦᠯᠦᠨ ᠰᠠᠶᠢᠰᠢᠶᠠᠵᠤ᠂ ᠱᠠᠩᠨᠠᠯ ᠤᠨ ᠪᠢᠴᠢᠭ ᠭᠠᠷᠳᠠᠭᠤᠯᠵᠤ᠂ ᠱᠠᠩᠨᠠᠯ ᠬᠦᠷᠲᠡᠭᠰᠡᠳ ᠲᠤ ᠪᠠᠶᠠᠷ ᠬᠦᠷᠬᠡᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠠᠰᠠ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠢ ᠰᠢᠯᠢᠳᠡᠭ ᠤᠯᠠᠮᠵᠢᠯᠠᠯ ᠢᠶᠠᠨ ᠰᠠᠶᠢᠲᠤᠷ ᠵᠠᠯᠭᠠᠮᠵᠢᠯᠠᠵᠤ᠂ ᠴᠤᠴᠠᠯᠲᠠ ᠦᠬᠡᠢ ᠤᠷᠤᠭᠰᠢᠯᠠᠬᠤ ᠲᠡᠮᠡᠴᠡᠯ ᠤᠨ ᠤᠪᠤᠷ ᠪᠤᠯᠤᠨ ᠡᠬᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠪᠠᠶᠢᠳᠠᠯ ᠢᠶᠠᠷ ᠴᠤᠴᠠᠯᠲᠠ ᠦᠬᠡᠢ ᠤᠷᠤᠭᠰᠢᠯᠠᠬᠤ ᠤᠷᠬᠢᠯᠤᠮ᠎ᠠ ᠬᠠᠯᠠᠭᠤᠨ ᠰᠡᠳᠬᠢᠯᠬᠡ ᠪᠠᠨ ᠡᠬᠦᠷᠢᠳᠡ ᠪᠠᠲᠤᠯᠠᠬᠤ ᠶᠢ ᠵᠤᠷᠢᠭᠵᠢᠭᠤᠯᠪᠠ᠃      ᠬᠤᠷᠠᠯ ᠤᠨ ᠳᠠᠷᠠᠭ᠎ᠠ᠂ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠳᠤᠮᠳᠠ᠂ ᠲᠠᠪᠤᠨ ᠤᠳᠤᠳᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠪᠦᠬᠦ ᠨᠠᠮ ᠤᠨ ᠬᠡᠰᠢᠬᠦᠳ ᠴᠤᠭ ᠵᠢᠪᠬᠤᠭ᠎ᠠ ᠲᠡᠬᠦᠯᠳᠡᠷ ᠢᠶᠠᠷ ᠲᠦᠪ ᠬᠢᠴᠢᠶᠡᠩᠭᠦᠢ ᠢᠶᠠᠷ ᠵᠤᠭᠰᠤᠵᠤ᠂ ᠤᠯᠤᠰ ᠤᠨ ᠰᠦᠯᠳᠡ ᠳᠠᠭᠤᠤ ᠶᠢ ᠨᠠᠮ ᠳᠠᠭᠤᠯᠠᠵᠤ᠂ ᠤᠯᠤᠰ ᠤᠨ ᠲᠤᠭ ᠮᠠᠨᠳᠤᠭᠤᠯᠬᠤ ᠶᠤᠰᠤᠯᠠᠯ ᠶᠠᠪᠤᠭᠤᠯᠪᠠ᠃
 
ᠢᠷᠡᠯᠲᠡ᠄ ᠰᠠᠶᠢᠬᠠᠠᠭᠤᠪᠢ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号