ᠮᠠᠨ ᠤ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    7 ᠳ᠋ᠤᠭᠠᠷ ᠰᠠᠷ᠎ᠠ ᠶᠢᠨ 12 ᠤ ᠡᠳᠦᠷ᠂ ᠬᠤᠰᠢᠭᠤ ᠨᠠᠮ ᠤᠨ ᠬᠤᠷᠢᠶᠡᠨ ᠤ ᠱᠦᠵᠢ ᠸᠠᠩ ᠶᠦᠩ ᠵᠢᠶᠦ᠋ᠨ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠡᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠨᠢᠭᠡ ᠴᠤᠭᠴᠠᠵᠢᠭᠤᠯᠤᠨ ᠠᠬᠢᠭᠤᠯᠬᠤ ᠭᠤᠷᠪᠠᠨ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ ᠳᠤᠷᠠᠳᠤᠭᠰᠠᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ᠎ᠠ᠃ ᠭᠤᠷᠪᠠᠨ ᠵᠦᠢᠯ ᠤᠨ ᠠᠵᠢᠯ ᠤᠨ ᠬᠤᠭᠤᠷᠣᠨᠳᠣ ᠪᠠᠨ ᠳᠡᠭᠡᠳᠦ ᠬᠡᠮᠵᠢᠶ᠎ᠡ ᠪᠠᠷ ᠬᠤᠯᠪᠣᠭᠠᠯᠠᠵᠤ᠂ ᠬᠠᠷᠢᠯᠴᠠᠨ ᠨᠥᠯᠥᠭᠡᠯᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠦᠯᠦ ᠬᠦᠨᠳᠦᠳᠬᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠡᠷᠡᠰ ᠰᠢᠭᠤᠷᠬᠠᠢ ᠬᠥᠩᠭᠡᠷᠡᠭᠦᠯᠬᠦ᠂ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠢᠯᠪᠤᠷᠢᠲᠠᠢ ᠴᠡᠭᠴᠡᠯᠡᠨ ᠵᠠᠰᠠᠬᠤ ᠦᠭᠡᠢ ᠵᠡᠷᠭᠡ ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠨᠡᠪᠲᠡᠷᠡᠭᠦᠯᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠢ ᠳ᠋ᠦᠩᠨᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠬᠡᠮᠵᠢᠵᠦ᠂ ᠭᠤᠷᠪᠠᠨ ᠵᠦᠢᠯ ᠤᠨ ᠠᠵᠢᠯ ᠤᠨ ᠪᠦᠲᠤᠮᠵᠢ ᠲᠤᠪᠤᠶᠢᠮ᠎ᠠ ᠪᠠᠶᠢᠬᠤ ᠶᠢ ᠴᠠᠷᠮᠠᠶᠢᠨ ᠪᠡᠶᠡᠯᠡᠭᠦᠯᠬᠦ ᠬᠡᠷᠡᠭᠲᠠᠢ ᠭᠡᠵᠠᠢ᠃     ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠤᠷ ᠮᠤᠩᠭᠤᠯ ᠤᠨ ᠵᠠᠰᠠᠭ ᠤᠨ ᠤᠷᠳᠣᠨ ᠤ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号