ᠥᠪᠡᠷᠲᠡᠭᠡᠨ ᠵᠠᠰᠠᠭᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠭᠤ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠨᠢᠭᠤᠴᠠ ᠶᠢ ᠬᠠᠮᠠᠭᠠᠯᠠᠭᠤ ᠤᠬᠠᠭᠤᠯᠭ᠎ᠠ ᠬᠥᠮᠦᠵᠢᠯ ᠤᠨ | ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠲᠣᠰ ᠲᠣᠪᠴᠢᠶ᠎ᠠ ︽ᠨᠢᠭᠤᠴᠠ ᠶᠢ ᠬᠠᠮᠠᠭᠠᠯᠠᠭᠤ | ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠢᠳᠡ ᠪᠦᠭᠦᠳᠡᠭᠡᠷ ᠨᠢᠭᠤᠴᠠ ᠶᠢ ᠬᠠᠮᠠᠭᠠᠯᠠᠭᠴᠢ ᠮᠥᠨ︾ | ᠭᠡᠬᠦ ᠰᠡᠳᠦᠪ ᠤᠨ ᠲᠣᠭᠤᠷᠢᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠥᠬᠦ | ᠣᠷᠣᠨ ᠤ ᠡᠯ᠎ᠡ ᠭᠠᠵᠠᠷ ᠲᠤ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ᠂ | ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠲᠠᠢ ᠥᠷᠨᠢᠭᠦᠯᠵᠦ᠂ ᠨᠢᠭᠤᠴᠠ ᠶᠢ ᠬᠠᠮᠠᠭᠠᠯᠠᠭᠤ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠤᠯᠤᠰ ᠤᠨ ᠠᠮᠤᠷ ᠲᠦᠪᠰᠢᠨ ᠢ ᠬᠠᠮᠲᠤ ᠪᠠᠷ | ᠬᠠᠮᠠᠭᠠᠯᠠᠵᠤ ᠪᠣᠢ᠃ | ᠣᠶᠢᠯᠠᠭᠠᠭᠰᠠᠨ ᠢᠶᠠᠷ᠂ ᠨᠢᠭᠤᠴᠠ ᠶᠢ ᠬᠠᠮᠠᠭᠠᠯᠠᠭᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ | ᠰᠠᠶᠢᠲᠤᠷ ᠡᠷᠬᠢᠯᠡᠬᠦ ᠶᠢᠨ ᠲᠥᠯᠥᠭᠡ᠂ ᠥᠪᠡᠷᠲᠡᠭᠡᠨ ᠵᠠᠰᠠᠭᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠭᠤ | ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠤᠬᠠᠭᠤᠯᠬᠤ ᠬᠡᠪᠴᠢᠶ᠎ᠡ ᠶᠢᠨ ᠲᠠᠯ᠎ᠠ ᠪᠠᠷ ︽ᠥᠷᠭᠡᠨ︾ ᠪᠠᠶᠢᠬᠤ | ᠣᠨᠴᠠᠯᠢᠭ ᠢ ᠳᠣᠪᠤᠶᠢᠯᠭᠠᠵᠤ᠂ ︽ᠰᠣᠨᠢᠨ᠂ ᠰᠦᠯᠵᠢᠶ᠎ᠡ᠂ ᠦᠵᠦᠭᠦᠷ᠂ ᠸᠢᠴᠠᠲ᠂ ᠳᠡᠯᠭᠡᠴᠡ︾ ᠵᠡᠷᠭᠡ | ᠵᠠᠭᠤᠴᠢᠯᠠᠭᠤᠷ ᠤᠳ ᠢ ᠠᠰᠢᠭᠯᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠤᠬᠠᠭᠤᠯᠭ᠎ᠠ ᠶᠢᠨ | ᠬᠤᠶᠠᠷ ᠵᠢᠭᠰᠠᠭᠠᠯ ᠤᠨ ᠭᠠᠵᠠᠷ ᠢ ᠪᠠᠶᠢᠭᠤᠯᠵᠤ᠂ ᠨᠢᠭᠤᠴᠠ ᠶᠢ ᠬᠠᠮᠠᠭᠠᠯᠠᠭᠤ ᠤᠬᠠᠭᠤᠯᠭ᠎ᠠ ᠶᠢᠨ ᠹᠢᠯᠢᠮ ᠢ | ᠨᠠᠪᠲᠠᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠯᠠᠯ ᠨᠡᠶᠢᠲᠡᠯᠡᠵᠦ᠂ ᠤᠬᠠᠭᠤᠯᠭ᠎ᠠ ᠶᠢᠨ ᠵᠣᠬᠢᠶᠠᠯ ᠪᠢᠴᠢᠵᠦ᠂ | ᠬᠤᠲᠠ ᠶᠢᠨ ᠲᠠᠯᠠᠪᠠᠶ᠂ ᠨᠡᠶᠢᠲᠡ ᠶᠢᠨ ᠮᠠᠰᠢᠨ᠂ ᠬᠤᠳᠠᠯᠳᠤᠭᠠᠨ ᠤ ᠲᠠᠯᠠᠪᠤᠷ᠂ ᠪᠠᠶᠢᠭᠤᠯᠭ᠎ᠠ ᠨᠢᠭᠡᠴᠢ ᠶᠢᠨ LED | ᠳᠡᠯᠭᠡᠴᠡ ᠳᠡᠭᠡᠷ᠎ᠡ ᠨᠢᠭᠤᠴᠠ ᠶᠢ ᠬᠠᠮᠠᠭᠠᠯᠠᠭᠤ ᠬᠥᠮᠦᠵᠢᠯ ᠤᠨ ᠤᠬᠠᠭᠤᠯᠭ᠎ᠠ ᠶᠢᠨ ᠤᠷᠢᠶ᠎ᠠ ᠶᠢ ᠦᠷᠭᠦᠯᠵᠢᠯᠡᠨ | ᠨᠠᠪᠲᠠᠷᠡᠭᠦᠯᠵᠦ᠂ ︽ᠨᠢᠭᠤᠴᠠ ᠶᠢ ᠬᠠᠮᠠᠭᠠᠯᠠᠭᠤ ᠠᠵᠢᠯ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠭᠡᠬᠦ | ᠦᠵᠡᠯᠲᠡ ᠶᠢ ᠬᠥᠮᠥᠰ ᠤᠨ ᠰᠡᠳᠬᠢᠯ ᠳᠤ ᠨᠢ ᠬᠠᠳᠠᠩᠰᠢᠭᠤᠯᠪᠠ᠃ ᠡᠭᠦᠨ ᠤ ᠬᠠᠮᠲᠤ᠂ ᠪᠥᠬᠦ ᠣᠷᠣᠨ ᠤ ᠡᠯ᠎ᠡ | ᠭᠠᠵᠠᠷ ᠤᠨ ᠬᠢᠨ ᠴᠦ ᠣᠯᠠᠨ ᠡᠰᠢᠴᠢᠯᠡᠭᠰᠡᠨ ᠤᠬᠠᠭᠤᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠥᠷᠨᠢᠭᠦᠯᠵᠦ᠂ | ᠨᠢᠭᠤᠴᠠ ᠶᠢ ᠬᠠᠮᠠᠭᠠᠯᠠᠭᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠨᠢᠭᠡᠴᠢ ᠳᠤ᠂ ᠠᠵᠤ ᠠᠬᠤᠶᠢᠯᠠᠯ ᠳᠤ᠂ | ᠰᠤᠷᠭᠠᠭᠤᠯᠢ ᠳᠤ᠂ ᠮᠠᠯᠵᠢᠬᠤ ᠲᠠᠷᠢᠶᠠᠯᠠᠭᠤ ᠣᠷᠣᠨ ᠳᠤ ᠣᠷᠣᠭᠤᠯᠬᠤ ᠶᠢ ᠠᠬᠢᠭᠤᠯᠵᠤ᠂ ᠨᠢᠭᠤᠴᠠ ᠶᠢ | ᠬᠠᠮᠠᠭᠠᠯᠠᠭᠤ ᠶᠢ ᠰᠤᠷᠬᠤ᠂ ᠨᠢᠭᠤᠴᠠ ᠶᠢ ᠬᠠᠮᠠᠭᠠᠯᠠᠭᠤ ᠶᠢ ᠮᠡᠳᠡᠬᠦ᠂ ᠨᠢᠭᠤᠴᠠ ᠶᠢ ᠬᠠᠮᠠᠭᠠᠯᠠᠵᠤ ᠴᠢᠳᠠᠭᠤ | ᠬᠥᠭᠵᠢᠶᠡᠨᠲᠦ ᠪᠠᠶᠢᠳᠠᠯ ᠢ ᠪᠣᠶ ᠪᠣᠯᠭᠠᠪᠠ᠃ | ᠨᠢᠭᠤᠴᠠ ᠶᠢ ᠬᠠᠮᠠᠭᠠᠯᠠᠭᠤ ᠤᠬᠠᠭᠤᠯᠭ᠎ᠠ ᠬᠥᠮᠦᠵᠢᠯ ᠤᠨ ᠣᠨᠣᠪᠴᠢ ᠶᠢ ᠳᠡᠭᠡᠭᠰᠢᠯᠡᠭᠦᠯᠬᠦ ᠶᠢᠨ ᠲᠥᠯᠥᠭᠡ᠂ | ᠥᠪᠡᠷᠲᠡᠭᠡᠨ ᠵᠠᠰᠠᠭᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠭᠤ ᠲᠣᠪᠴᠢᠶ᠎ᠠ ᠨᠢ ᠪᠠᠶᠢᠭᠤᠯᠭ᠎ᠠ᠂ ᠠᠵᠤ | ᠠᠬᠤᠶᠢᠯᠠᠯ᠂ ᠰᠤᠷᠭᠠᠭᠤᠯᠢ ᠵᠡᠷᠭᠡ ᠠᠳᠠᠯᠢ ᠪᠤᠰᠤ ᠭᠥᠯᠢᠶᠡᠨ ᠠᠪᠤᠭᠴᠢᠳ ᠲᠤ ᠴᠢᠭᠯᠡᠭᠦᠯᠦᠨ᠂ ᠠᠳᠠᠯᠢ ᠪᠤᠰᠤ | ᠬᠡᠯᠪᠡᠷᠢ ᠶᠢᠨ ᠨᠢᠭᠤᠴᠠ ᠶᠢ ᠬᠠᠮᠠᠭᠠᠯᠠᠭᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠪᠡ᠃ ᠲᠤᠰ ᠲᠣᠪᠴᠢᠶ᠎ᠠ | ᠨᠢ ᠥᠪᠡᠷᠲᠡᠭᠡᠨ ᠵᠠᠰᠠᠭᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ | ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ | ᠬᠠᠮᠲᠤᠷᠠᠨ᠂ ᠤᠯᠠᠭᠠᠨᠴᠠᠪ ᠬᠤᠳᠠ ᠶᠢᠨ ᠰᠠᠨᠰᠢᠶᠠ ᠬᠠᠭᠤᠷᠠᠢ ᠳᠡᠭᠡᠷᠡᠬᠢ ᠰᠢᠨ᠎ᠡ ᠡᠨᠧᠷᠭᠢ ᠶᠢᠨ ᠶᠡᠷᠦᠩᠬᠡᠢ | ᠬᠡᠯᠲᠡᠰ ᠲᠤ 2024 ᠣᠨ ᠤ ︽ᠨᠢᠭᠤᠴᠠ ᠶᠢ ᠬᠠᠮᠠᠭᠠᠯᠠᠭᠤ ᠤᠬᠠᠭᠤᠯᠭ᠎ᠠ ᠬᠥᠮᠦᠵᠢᠯ ᠤᠨ ᠠᠵᠤ ᠠᠬᠤᠶᠢᠯᠠᠯ ᠤᠨ | ᠠᠶᠠᠯᠠᠯ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠨᠢᠭᠤᠴᠠ ᠶᠢ ᠬᠠᠮᠠᠭᠠᠯᠠᠭᠤ ᠤᠬᠠᠭᠤᠯᠤᠨ ᠲᠠᠶᠢᠯᠪᠤᠷᠢᠯᠠᠭᠴᠢ | ᠲᠤᠬᠠᠢ ᠶᠢᠨ ᠲᠠᠯᠠᠪᠠᠢ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠭᠤ ᠳᠤᠮᠳᠠᠳᠤ ᠠᠷᠠᠳ | ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠭᠤ ᠬᠠᠤᠯᠢ︾ ᠶᠢ ᠲᠠᠶᠢᠯᠪᠤᠷᠢᠯᠠᠪᠠ︔ ᠥᠪᠡᠷᠲᠡᠭᠡᠨ ᠵᠠᠰᠠᠭᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠢᠭᠡᠴᠢ ᠨᠦᠭᠦᠳ ᠲᠠᠢ ᠬᠠᠮᠲᠤᠷᠠᠨ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ︽ᠵᠠᠯᠠᠭᠤ ᠨᠠᠰᠤᠨ ᠤ ᠴᠤᠭᠯᠠᠷᠠᠯ ᠠᠮᠤᠷ ᠲᠦᠪᠰᠢᠨ | ᠤᠮᠠᠷᠠᠲᠤ ᠬᠢᠯᠢ︾ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠤᠭᠤᠳ ᠢ ᠥᠷᠨᠢᠭᠦᠯᠵᠦ᠂ ᠰᠤᠷᠭᠠᠭᠤᠯᠢ ᠶᠢᠨ | ᠨᠢᠭᠤᠴᠠ ᠶᠢ ᠬᠠᠮᠠᠭᠠᠯᠠᠭᠤ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠨᠢᠭᠤᠴᠠ ᠶᠢ ᠬᠠᠮᠠᠭᠠᠯᠠᠭᠤ ᠠᠮᠤᠷ | ᠲᠦᠪᠰᠢᠨ ᠤ ᠬᠢᠴᠢᠶᠡᠯ ᠲᠣᠬᠢᠷᠠᠭᠤᠯᠪᠠ︔ ᠥᠪᠡᠷᠲᠡᠭᠡᠨ ᠵᠠᠰᠠᠭᠤ ᠣᠷᠣᠨ ᠤ ᠨᠠᠮ ᠤᠨ ᠬᠤᠷᠢᠶᠠᠨ ᠤ ᠤᠯᠤᠰ ᠤᠨ | ᠠᠮᠤᠷ ᠲᠦᠪᠰᠢᠨ ᠤ ᠠᠵᠢᠯ ᠤᠨ ᠠᠯᠪᠠᠨ ᠭᠡᠷ ᠲᠠᠢ ᠬᠠᠮᠲᠤᠷᠠᠨ ᠶᠢᠰᠦᠳᠡᠬᠢ ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠥᠪᠡᠷᠲᠡᠭᠡᠨ ᠵᠠᠰᠠᠭᠤ ᠣᠷᠣᠨ ᠤ ᠭᠤᠣᠯ ᠲᠠᠯᠠᠪᠤᠷ ᠤᠨ ᠠᠵᠢᠯᠯᠠᠭ᠎ᠠ ᠶᠢ | ᠡᠷᠭᠢᠯᠡᠵᠦ᠂ ᠨᠡᠶᠢᠭᠡᠮ ᠨᠡᠶᠢᠲᠡ ᠳᠤ ᠤᠬᠠᠭᠤᠯᠭ᠎ᠠ ᠶᠢᠨ ᠬᠠᠭᠤᠳᠠᠰᠤ ᠪᠠ ᠨᠢᠭᠤᠴᠠ ᠶᠢ ᠬᠠᠮᠠᠭᠠᠯᠠᠭᠤ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠲᠠᠷᠬᠠᠭᠠᠵᠤ᠂ ᠨᠢᠭᠤᠴᠠ ᠶᠢ ᠬᠠᠮᠠᠭᠠᠯᠠᠭᠤ ᠬᠠᠤᠯᠢ ᠴᠠᠭᠠᠵᠠ ᠶᠢ ᠲᠦᠭᠡᠮᠡᠯᠵᠢᠭᠦᠯᠬᠦ | ᠤᠬᠠᠭᠤᠯᠭ᠎ᠠ ᠬᠢᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠭᠤ ᠦᠵᠡᠯ | ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | |