ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢ ᠰᠤᠷᠤᠯᠴᠠᠬᠤ ᠬᠥᠮᠦᠵᠢᠯ ᠤᠨ ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/7/16
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠥᠨᠥᠬᠡᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠭᠰᠠᠨ ᠤ ᠬᠠᠮᠲᠤ ᠮᠡᠳᠡᠭᠳᠡᠯ ᠪᠠᠭᠤᠯᠭᠠᠵᠤ᠂ ᠨᠠᠷᠢᠨ ᠬᠢᠨᠠᠮᠠᠭᠠᠢ ᠵᠢᠷᠤᠮᠯᠠᠨ ᠭᠦᠢᠴᠡᠳᠬᠡᠬᠦ ᠬᠡᠷᠡᠭᠲᠡᠢ ᠭᠡᠵᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤ ᠱᠠᠭᠠᠷᠳᠠᠭᠰᠠᠨ ᠪᠠᠶᠢᠨ᠎ᠠ᠃     ᠮᠡᠳᠡᠭᠳᠡᠯ ᠳᠤ ᠵᠢᠭᠠᠬᠤ ᠳᠠᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠵᠦ᠂ ᠨᠠᠮ ᠤᠨ ᠲᠡᠦᠬᠡ ᠶᠢᠨ ᠲᠡᠦᠬᠡ ᠪᠠᠷ ᠣᠳᠣ ᠳᠤ ᠯᠠᠪᠯᠠᠯᠲᠠ ᠪᠣᠯᠭᠠᠨ᠂ ᠵᠠᠰᠠᠭ ᠶᠠᠪᠤᠭᠤᠯᠤᠨ ᠬᠥᠮᠥᠨ ᠢ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠪᠣᠯ ᠨᠠᠮ ᠪᠣᠯᠣᠨ ᠲᠥᠷᠥ ᠶᠢᠨ ᠠᠵᠢᠯ ᠤᠨ ᠶᠡᠭᠡ ᠲᠠᠯ᠎ᠠ ᠳᠠᠬᠢ ᠮᠠᠰᠢ ᠴᠢᠬᠤᠯᠠ ᠨᠢᠭᠡᠨ ᠠᠵᠢᠯ ᠪᠣᠯᠬᠤ ᠶᠤᠮ᠃ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠳᠦᠷᠢᠮ ᠢᠶᠠᠷ ᠦᠨᠳᠦᠰᠦᠯᠡᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠲᠣᠭᠲᠠᠴᠠ ᠪᠣᠯᠣᠨ ᠠᠵᠢᠯ ᠤᠨ ᠬᠠᠷᠢᠭᠤᠴᠠᠯᠭ᠎ᠠ᠂ ᠠᠭᠤᠯᠭ᠎ᠠ᠂ ᠭᠤᠣᠯ ᠪᠣᠯᠬᠤ ᠠᠷᠭ᠎ᠠ ᠬᠡᠯᠪᠡᠷᠢ᠂ ᠪᠠᠲᠤᠯᠠᠭ᠎ᠠ ᠪᠣᠯᠣᠨ ᠬᠢᠨᠠᠯᠲᠠ ᠲᠠᠯᠪᠢᠬᠤ ᠵᠡᠷᠭᠡ ᠠᠵᠢᠯ ᠢ ᠪᠦᠬᠦ ᠲᠠᠯ᠎ᠠ ᠪᠠᠷ ᠳᠦᠷᠢᠮᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠦᠨᠳᠦᠰᠦᠨ ᠵᠢᠷᠤᠮᠯᠠᠯ ᠪᠣᠯᠤᠭᠰᠠᠨ ᠶᠤᠮ᠃ ︽ᠳᠦᠷᠢᠮ︾ ᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠶᠢᠨ ᠴᠢᠨᠠᠷ ᠲᠠᠢ ᠥᠷᠨᠢᠭᠦᠯᠵᠦ᠂ ᠤᠷᠲᠤ ᠬᠤᠭᠤᠴᠠᠭᠠᠨ ᠤ ᠦᠷ᠎ᠡ ᠪᠦᠲᠦᠮᠵᠢᠲᠡᠢ ᠪᠣᠯᠭᠠᠬᠤ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠨᠠᠮ ᠤᠨ ᠲᠡᠦᠬᠡ ᠶᠢ ᠰᠠᠶᠢᠨ ᠰᠤᠷᠤᠯᠴᠠᠬᠤ᠂ ᠨᠠᠮ ᠤᠨ ᠲᠡᠦᠬᠡ ᠶᠢ ᠰᠠᠶᠢᠨ ᠠᠰᠢᠭᠯᠠᠬᠤ ᠶᠢ ᠠᠬᠢᠭᠤᠯᠬᠤ ᠳᠤ᠂ ᠨᠠᠮ ᠤᠨ ᠲᠡᠦᠬᠡ ᠶᠢ ᠰᠤᠷᠤᠯᠴᠠᠨ ᠣᠶᠣᠨ ᠤᠬᠠᠭᠠᠨ ᠪᠣᠯᠣᠨ ᠡᠷᠴᠢ ᠬᠦᠴᠦ ᠪᠠᠨ ᠰᠡᠯᠭᠦᠵᠦ᠂ ᠲᠡᠦᠬᠡ ᠶᠢ ᠰᠤᠷᠤᠯᠴᠠᠨ ᠶᠣᠰᠣ ᠵᠠᠶ᠋ᠢᠭ ᠢ ᠡᠵᠡᠮᠰᠢᠵᠦ᠂ ᠲᠡᠦᠬᠡ ᠶᠢ ᠰᠤᠷᠤᠯᠴᠠᠨ ᠮᠣᠷᠠᠯ ᠢ ᠳᠡᠭᠡᠳᠦᠯᠡᠵᠦ᠂ ᠲᠡᠦᠬᠡ ᠶᠢ ᠰᠤᠷᠤᠯᠴᠠᠨ ᠪᠡᠶ᠎ᠡ ᠪᠠᠷ ᠢᠶᠠᠨ ᠦᠢᠯᠡᠳᠦᠯᠭᠡᠵᠢᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃     ᠮᠡᠳᠡᠭᠳᠡᠯ ᠳᠤ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠬᠢᠨ ︽ᠳᠦᠷᠢᠮ︾ ᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠴᠢᠩᠭ᠎ᠠ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠨᠠᠮ ᠤᠨ ᠡᠭᠦᠳᠦᠯᠲᠡ ᠰᠢᠨᠡᠴᠢᠯᠡᠯᠲᠡ ᠶᠢᠨ ᠣᠨᠣᠯ ᠢ ᠰᠤᠷᠤᠯᠴᠠᠬᠤ ᠪᠣᠯᠣᠨ ᠨᠠᠮ ᠤᠨ ᠲᠡᠦᠬᠡ ᠶᠢᠨ ᠦᠨᠳᠦᠰᠦᠨ ᠠᠭᠤᠯᠭ᠎ᠠ᠂ ᠨᠠᠮ ᠤᠨ ᠲᠡᠦᠬᠡ ᠶᠢᠨ ᠳ᠋ᠦᠩᠨᠡᠯᠲᠡ᠂ ᠨᠠᠮ ᠤᠨ ᠲᠡᠦᠬᠡ ᠶᠢᠨ ᠲᠤᠷᠰᠢᠯᠭ᠎ᠠ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠠᠪᠴᠠᠯᠳᠤᠭᠤᠯᠤᠨ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠢᠶᠠᠨ ᠰᠠᠶᠢᠨ ᠬᠢᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠵᠢᠯᠣᠭᠤᠳᠤᠨ ᠳᠠᠭᠠᠭᠤᠯᠵᠤ ᠨᠠᠮ ᠤᠨ ᠲᠡᠦᠬᠡ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠦᠲᠦᠭᠡᠬᠦ ᠬᠦᠴᠦᠷᠬᠡᠭ ᠶᠡᠭᠡ ᠬᠥᠳᠡᠯᠭᠡᠭᠴᠢ ᠬᠦᠴᠦ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠥᠪᠤᠷ ᠮᠤᠩᠭᠤᠯ ᠤᠨ ᠵᠠᠰᠠᠭ ᠤᠨ ᠤᠷᠳᠣᠨ ᠤ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号