ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ | ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ | ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠴᠢᠳᠠᠪᠤᠷᠢᠲᠠᠨ ᠤ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠠ ᠲᠦᠭᠵᠢᠷᠡᠯ ᠢ ᠪᠦᠲᠦᠮᠵᠢᠲᠡᠶ ᠰᠢᠢᠳᠪᠦᠷᠢᠯᠡᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾ | ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠬᠢᠨᠠᠨ ᠵᠥᠪᠯᠡᠵᠦ ᠪᠠᠲᠤᠯᠠᠭᠠᠳ᠂ 2024 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃ | ᠳᠤᠰ ︽ᠳᠦᠷᠢᠮ︾ ᠨᠢ ᠨᠡᠶᠢᠲᠡ 6 ᠪᠦᠯᠦᠭ 69 ᠵᠦᠢᠯ ᠢᠶᠠᠷ ᠪᠦᠷᠢᠯᠳᠦᠵᠦ᠂ ᠮᠠᠨ ᠤ ᠣᠷᠣᠨ ᠤ ᠪᠣᠳᠠᠲᠤ | ᠪᠠᠶᠢᠳᠠᠯ ᠳᠤ ᠰᠠᠭᠤᠷᠢᠯᠠᠨ᠂ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ | ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ᠂ ᠣᠷᠣᠭᠤᠯᠤᠨ ᠠᠪᠴᠢᠷᠠᠬᠤ᠂ ᠰᠢᠯᠵᠢᠭᠦᠯᠦᠨ ᠬᠡᠷᠡᠭᠯᠡᠬᠦ᠂ | ᠦᠨᠡᠯᠡᠨ ᠤᠷᠮᠠᠰᠢᠭᠤᠯᠬᠤ᠂ ᠦᠢᠯᠡᠴᠢᠯᠡᠨ ᠪᠠᠲᠤᠯᠠᠬᠤ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ | ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠣᠯᠣᠨ᠎ᠠ᠃ | ᠵᠢᠯᠤᠭᠤᠳᠬᠤ ᠦᠵᠡᠯ ᠰᠠᠨᠠᠭ᠎ᠠ ᠪᠠᠨ ᠲᠣᠳᠣᠷᠬᠠᠶᠢᠯᠠᠵᠤ᠂ ᠴᠢᠳᠠᠪᠤᠷᠢᠲᠠᠨ ᠤ ᠬᠥᠭᠵᠢᠯᠲᠡ ᠶᠢᠨ ᠵᠥᠪ ᠴᠢᠭᠯᠡᠯ ᠢ | ᠪᠠᠷᠢᠮᠲᠠᠯᠠᠨ᠎ᠠ᠃ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠴᠢᠳᠠᠪᠤᠷᠢᠲᠠᠨ ᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ ᠴᠢᠳᠠᠪᠤᠷᠢᠲᠠᠨ ᠢ ᠲᠦᠷᠦᠯ | ᠬᠤᠪᠢᠶᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠨ᠎ᠠ᠃ | ᠴᠢᠳᠠᠪᠤᠷᠢᠲᠠᠨ ᠢ ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠦᠯᠡᠳᠡᠭᠡᠨ᠎ᠡ᠃ | |