ᠨᠠᠨᠳᠢᠨᠪᠢᠯᠢᠭ᠌ ᠠᠷᠠᠳ ᠤᠨ ᠴᠠᠭᠳᠠᠭᠠᠨ ᠤ ᠨᠠᠨᠳᠢᠨ ᠡᠭᠦᠷᠭᠡ ᠪᠠᠨ ᠲᠡᠭᠡᠳᠤᠯᠡᠵᠦ᠂ ᠨᠠᠶᠢᠭᠡᠮ ᠨᠠᠶᠢᠳᠡ ᠳᠡᠭᠡᠨ ᠭᠤᠶᠢᠪᠢᠰᠢ ᠦᠭᠡᠢ ᠵᠢᠳᠬᠦᠵᠦ ᠶᠠᠪᠤᠨ᠎ᠠ
ᠨᠡᠶᠢᠲᠡᠯᠡᠭᠰᠡᠨ ᠴᠠᠭ᠄
2024/7/22
    ᠣᠶᠢᠷ᠎ᠠ ᠳᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠲᠤᠰᠠᠯᠠᠬᠤ ᠴᠠᠭᠳᠠᠭ᠎ᠠ ᠨᠠᠨᠳᠢᠨᠪᠢᠯᠢᠭ᠌ ᠨᠠᠷ ᠤᠬᠠᠭᠤᠯᠭ᠎ᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠪᠠᠶᠢᠭᠤᠯᠭ᠎ᠠ ᠲᠠᠭᠠᠨ ᠪᠤᠴᠠᠬᠤ ᠵᠠᠮ ᠳᠠᠭᠠᠨ ᠨᠠᠶᠠ ᠭᠠᠷᠤᠭᠰᠠᠨ ᠨᠠᠰᠤᠲᠠᠢ ᠨᠢᠭᠡ ᠨᠠᠰᠤᠲᠠᠨ ᠵᠠᠮ ᠤᠨ ᠬᠠᠵᠠᠭᠤ ᠳᠤ ᠤᠨᠠᠭᠰᠠᠨ ᠶᠢ ᠦᠵᠡᠭᠡᠳ᠂ ᠳᠠᠷᠤᠢ ᠲᠦᠷᠭᠡᠨ ᠲᠡᠷᠭᠡᠨ ᠠᠴᠠ ᠪᠠᠭᠤᠵᠦ᠂ ᠨᠠᠰᠤᠲᠠᠨ ᠤ ᠭᠠᠳᠠᠷ ᠰᠢᠷᠬ᠎ᠠ ᠪᠠ ᠠᠮᠢᠰᠬᠤᠯ ᠬᠡᠪ ᠤᠨ ᠪᠠᠶᠢᠬᠤ ᠢ ᠪᠠᠶᠢᠴᠠᠭᠠᠵᠦ᠂ ᠲᠤᠬᠠᠢ ᠶᠢᠨ ᠡᠳᠦᠷ ᠤᠨ ᠠᠭᠤᠷ ᠠᠮᠢᠰᠬᠤᠯ ᠠᠭᠠᠭᠢᠮ᠎ᠠ ᠬᠠᠯᠠᠭᠤᠨ ᠪᠤᠯᠬᠤᠷ ᠨᠠᠰᠤᠲᠠᠨ ᠶᠢ ᠰᠡᠷᠢᠭᠦᠨ ᠭᠠᠵᠠᠷ ᠠᠮᠤᠷᠠᠭᠠᠵᠦ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠠ ᠭᠡᠷ ᠪᠦᠯᠢ ᠶᠢᠨ ᠬᠢᠨ ᠲᠠᠢ ᠬᠠᠷᠢᠯᠴᠠᠨ᠂ ᠠᠮᠤᠷ ᠮᠡᠨᠳᠦ ᠭᠡᠷ ᠳᠤᠨᠢ ᠬᠦᠷᠭᠡᠭᠰᠡᠨ ᠪᠠᠶᠢᠨ᠎ᠠ᠃
    ᠨᠠᠨᠳᠢᠨᠪᠢᠯᠢᠭ᠌ 2010 ᠣᠨ ᠳᠤ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠭᠰᠠᠨ ᠠᠴᠠ ᠨᠠᠰᠢ ᠲᠣᠮᠢᠯᠠᠭᠰᠠᠨ ᠰᠠᠯᠪᠤᠷᠢ ᠶᠢᠨ ᠲᠤᠰᠠᠯᠠᠬᠤ ᠴᠠᠭᠳᠠᠭ᠎ᠠ᠂ ᠵᠠᠮ ᠬᠠᠷᠢᠯᠴᠠᠭᠠᠨ ᠤ ᠠᠳᠡᠯ ᠤᠨ ᠰᠠᠯᠠᠭᠠᠨ ᠤ ᠲᠤᠰᠠᠯᠠᠬᠤ ᠴᠠᠭᠳᠠᠭ᠎ᠠ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠵᠡᠷᠭᠡ ᠠᠵᠢᠯ ᠤᠨ ᠡᠭᠦᠷᠭᠡ ᠶᠢ ᠡᠭᠦᠷᠭᠡᠯᠡᠭᠰᠡᠭᠡᠷ ᠢᠷᠡᠵᠠᠢ᠃
    ᠨᠠᠨᠳᠢᠨᠪᠢᠯᠢᠭ᠌ ᠤᠨ ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ ᠶᠢ ᠤᠷᠪᠠᠭᠤᠯᠬᠤ ᠳᠤ᠂ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠢ ᠬᠠᠪᠰᠤᠷᠤᠨ ᠭᠡᠷ ᠲᠤᠨᠢ ᠬᠦᠷᠴᠦ ᠭᠡᠷᠡᠴᠢ ᠦᠨᠡᠮᠯᠡᠯ ᠢ ᠨᠢ ᠭᠦᠢᠴᠡᠳᠬᠡᠨ ᠦᠭᠬᠦ᠂ ᠭᠡᠭᠡᠭᠰᠡᠨ ᠡᠳ᠋ ᠪᠣᠳᠠᠰ ᠢ ᠡᠷᠢᠬᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ ᠬᠡᠷ ᠪᠦᠯᠢ ᠶᠢᠨ ᠵᠥᠷᠢᠴᠡᠯ ᠢ ᠵᠤᠬᠢᠴᠠᠭᠤᠯᠬᠤ ᠵᠡᠷᠭᠡ ᠤᠯᠠᠨ ᠲᠦᠷᠤᠯ ᠤᠨ ᠠᠵᠢᠯ ᠶᠢ ᠲᠡᠮᠳᠡᠭᠯᠡᠭᠰᠡᠨ ᠪᠠᠶᠢᠯ᠎ᠠ᠃ ᠲᠡᠷᠡ ᠬᠡᠯᠡᠬᠦ ᠲᠡᠭᠡᠨ᠄ ︽ᠡᠨᠡ ᠪᠤᠯ ᠮᠠᠨ ᠤ ᠡᠩ ᠤᠨ ᠴᠠᠭ ᠤᠨ ᠠᠵᠢᠯ ᠪᠤᠯᠤᠨ᠎ᠠ᠃ ᠵᠠᠷᠢᠮ ᠬᠡᠷᠡᠭ ᠢ ᠳᠤᠬᠢᠷᠠᠮᠵᠢᠳᠠᠢ ᠰᠢᠢᠳᠪᠤᠷᠢᠯᠡᠭᠰᠡᠨ ᠤ ᠳᠠᠷᠠᠭ᠎ᠠ᠂ ︿ᠰᠢᠢᠳᠪᠦᠷᠢᠯᠡᠵᠦ ᠳᠠᠭᠤᠰᠬᠠᠬᠤ﹀ ᠳᠡᠮᠳᠡᠭᠯᠡᠯ ᠪᠢᠴᠬᠦ ᠨᠢ ᠤᠴᠢᠷ ᠶᠠᠪᠤᠳᠠᠯ ᠳᠠᠭᠤᠰᠤᠭᠰᠠᠨ ᠶᠢ ᠲᠦᠯᠤᠭᠡᠯᠡᠵᠦ᠂ ᠵᠠᠷᠢᠮ ᠳᠠᠭᠠᠨ ︿ᠰᠢᠢᠳᠪᠦᠷᠢᠯᠡᠵᠦ ᠳᠠᠭᠤᠰᠬᠠᠬᠤ﹀ ᠳᠡᠮᠳᠡᠭᠯᠡᠯ ᠢ ᠳᠠᠬᠢᠨ ᠦᠵᠡᠬᠦ ᠨᠢ ᠨᠡᠩ ᠤᠯᠠᠨ ᠰᠡᠳᠬᠢᠯ ᠲᠠᠯᠪᠢᠬᠤ ᠶᠠᠪᠤᠳᠠᠯ ᠪᠤᠯᠤᠨ᠎ᠠ᠂ ᠡᠨᠡᠬᠦ ᠶᠠᠪᠤᠴᠠ ᠳᠤ ᠪᠢ ᠣᠯᠠᠨ ᠬᠥᠮᠥᠨ ᠲᠠᠢ ᠨᠠᠶᠢᠵᠠ ᠪᠣᠯᠵᠠᠢ︾ ᠭᠡᠵᠦ ᠪᠠᠶᠢᠯ᠎ᠠ᠃
    ᠨᠠᠨᠳᠢᠨᠪᠢᠯᠢᠭ᠌᠂ ᠰᠥᠨᠢᠳ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠮᠠᠨᠳᠣᠯᠲᠦ ᠬᠡᠤᠬᠡᠳ ᠤᠨ ᠴᠡᠴᠡᠷᠯᠢᠭ ᠤᠨ ᠬᠠᠤᠯᠢ ᠳᠦᠷᠢᠮ ᠤᠨ ᠳᠡᠳ᠋ ᠵᠠᠬᠢᠷᠤᠯ ᠤᠨ ᠲᠤᠰᠢᠶᠠᠯ ᠶᠢ ᠡᠭᠦᠷᠭᠡᠯᠡᠵᠦ᠂ ᠠᠮᠤᠷ ᠲᠦᠪᠰᠢᠨ ᠤ ᠬᠢᠴᠢᠶᠡᠯ ᠤᠨ ᠲᠠᠩᠬᠢᠮ ᠢ ᠨᠡᠭᠡᠭᠡᠵᠦ᠂ ᠪᠠᠭᠰᠢ ᠰᠤᠷᠤᠭᠴᠢᠳ ᠲᠠᠢ ᠬᠠᠮᠲᠤ ᠪᠠᠷ ᠬᠠᠤᠯᠢ ᠪᠠᠷ ᠵᠠᠰᠠᠬᠤ ᠮᠡᠳᠡᠯᠭᠡ ᠶᠢ ᠰᠤᠷᠬᠤ᠂ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯ ᠢ ᠪᠡᠶᠡᠯᠡᠭᠦᠯᠬᠦ᠂ ᠰᠤᠷᠭᠠᠭᠤᠯᠢ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠲᠢᠭᠯᠢᠮ ᠢ ᠲᠦᠷᠢᠮᠵᠢᠭᠦᠯᠬᠦ᠂ ᠰᠤᠷᠭᠠᠭᠤᠯᠢ ᠶᠢᠨ ᠡᠭᠦᠳᠡᠨ ᠳᠤ ᠠᠮᠤᠷ ᠲᠦᠪᠰᠢᠨ ᠤ ᠬᠠᠮᠠᠭᠠᠯᠠᠯᠲᠠ ᠶᠢᠨ ᠬᠦᠷᠢᠶ᠎ᠡ ᠪᠠᠶᠢᠷᠢᠯᠠᠭᠤᠯᠬᠤ ᠶᠢ ᠬᠠᠮᠢᠶᠡᠷᠴᠤ᠂ ᠠᠵᠢᠯ ᠤᠨ ᠳᠤᠮᠳᠠ ᠳᠠᠭᠠᠨ ᠲᠡᠷᠡ ᠪᠠᠭᠰᠢ ᠰᠤᠷᠤᠭᠴᠢᠳ ᠲᠠᠢ ᠭᠦᠨ ᠵᠤᠵᠠᠭᠠᠨ ᠨᠦᠬᠦᠷᠯᠡᠯ ᠪᠠᠶᠢᠭᠤᠯᠵᠠᠢ᠃ ᠡᠨᠡ ᠬᠤᠭᠤᠴᠠᠭᠠᠨ ᠳᠤ᠂ ᠨᠠᠨᠳᠢᠨᠪᠢᠯᠢᠭ᠌ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠨᠢᠭᠡ ᠰᠤᠷᠤᠭᠴᠢ ᠶᠢᠨ ᠤᠷᠲᠤ ᠬᠤᠭᠤᠴᠠᠭ᠎ᠠ ᠪᠠᠷ ᠬᠠᠷᠠᠭᠠᠯᠵᠠᠯ ᠲᠤᠳᠠᠭᠳᠠᠭᠰᠠᠨ ᠠᠴᠠ᠂ ᠵᠠᠩ ᠠᠭᠠᠰᠢ ᠨᠢ ᠬᠤᠪᠢᠷᠠᠵᠦ᠂ ᠮᠠᠭᠤ ᠰᠤᠷᠲᠠᠯ ᠲᠠᠢ ᠪᠤᠯᠤᠭᠰᠠᠨ ᠶᠢ ᠮᠡᠳᠡᠭᠰᠡᠨ ᠠᠴᠠ ᠰᠡᠭᠦᠯᠡᠷ᠂ ᠲᠡᠷᠡ ᠰᠤᠷᠤᠭᠴᠢ ᠶᠢᠨ ᠡᠳᠤᠷ ᠲᠤᠳᠤᠮ ᠤᠨ ᠠᠮᠢᠳᠤᠷᠠᠯ ᠶᠢ ᠬᠠᠷᠠᠭᠠᠯᠵᠠᠵᠦ᠂ ᠳᠠᠰᠬᠠᠯ ᠳᠠᠭᠠᠯᠭᠠᠪᠤᠷᠢ ᠶᠢ ᠨᠢ ᠬᠠᠪᠰᠤᠷᠤᠨ ᠵᠢᠯᠤᠭᠤᠳᠴᠤ᠂ ᠵᠥᠪ ᠲᠠᠯ᠎ᠠ ᠪᠠᠷ ᠵᠢᠭᠠᠨ ᠵᠢᠯᠤᠭᠤᠳᠤᠭ᠍ᠰᠠᠨ ᠠᠴᠠ᠂ ᠲᠡᠭᠦᠨ ᠤ ᠬᠠᠯᠠᠮᠵᠢᠯᠠᠯ ᠬᠠᠪᠰᠤᠷᠤᠯᠭ᠎ᠠ ᠶᠢᠨ ᠳᠣᠣᠷ᠎ᠠ᠂ ᠲᠡᠷᠨ ᠰᠤᠷᠤᠭᠴᠢ ᠮᠠᠭᠤ ᠵᠠᠩᠰᠢᠯ ᠢᠶᠠᠨ ᠬᠠᠯᠠᠵᠦ᠂ ᠰᠤᠷᠤᠯᠭ᠎ᠠ ᠬᠢᠴᠢᠶᠡᠯ ᠲᠡᠭᠡᠨ ᠨᠡᠯᠢᠶᠡᠳ ᠶᠡᠭᠡ ᠳᠠᠪᠰᠢᠯᠲᠠ ᠲᠠᠢ ᠪᠤᠯᠤᠭᠰᠠᠨ ᠪᠠᠶᠢᠨ᠎ᠠ᠃     ᠨᠠᠨᠳᠢᠨᠪᠢᠯᠢᠭ᠌᠄ ︽ᠣᠯᠠᠨ ᠳᠤ ᠪᠣᠳᠠᠲᠠᠶ ᠠᠵᠢᠯ ᠬᠢᠵᠦ᠂ ᠨᠡᠩ ᠤᠯᠠᠨ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ︾ ᠭᠡᠵᠦ ᠪᠠᠶᠢᠯ᠎ᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号