7 ᠳ᠋ᠤᠭᠠᠷ ᠰᠠᠷ᠎ᠠ ᠶᠢᠨ 24 ᠤ ᠡᠳᠦᠷ᠂ ᠰᠢᠯᠢ ᠶᠢᠨ ᠬᠤᠲᠠ ᠶᠢᠨ ᠨᠠᠭᠠᠳᠤᠮ ᠤᠨ ᠵᠠᠩ ᠦᠢᠯᠡ ᠶᠢᠨ | ᠬᠦᠷᠢᠶᠡᠯᠡᠩ ᠳᠤ ᠤᠯᠠᠮᠵᠢᠯᠠᠯᠲᠤ ᠪᠠ ᠣᠳᠣ ᠦᠶ᠎ᠡ ᠶᠢᠨ ᠰᠣᠶᠣᠯ ᠤᠨ ᠠᠭᠤᠰᠤᠯᠴᠠᠯ ᠢ ᠠᠬᠢᠭᠤᠯᠤᠭᠰᠠᠨ ᠲᠤᠭᠯᠠᠯᠲᠠ | ᠬᠥᠭᠵᠢᠶᠡᠨ ᠲᠠᠢ ᠶᠠᠪᠤᠭᠲᠠᠵᠤ ᠭᠠᠷᠭᠠᠵᠤ᠂ ᠮᠠᠨ ᠤ ᠬᠤᠰᠢᠭᠤᠨ ᠤ ᠤᠯᠠᠭᠠᠠᠮᠥ᠋ᠴᠢᠷ ᠨᠢ ᠬᠥᠨ ᠵᠤᠵᠠᠭᠠᠨ ᠰᠤᠶᠤᠯ ᠤᠨ | ᠠᠭᠤᠯᠤᠨ ᠪᠠ ᠰᠢᠯᠭᠠᠷᠠᠭᠰᠠᠨ ᠤᠷᠠᠯᠢᠭ ᠤᠨ ᠮᠡᠷᠭᠡᠵᠢᠯ ᠢᠶᠠᠷ ᠲᠤᠰᠬᠠᠢ ᠲᠠᠯᠠᠪᠠᠢ ᠲᠤᠭᠯᠠᠯᠲᠠ ᠭᠠᠷᠭᠠᠪᠠ᠃ | | ᠲᠣᠭᠯᠠᠯᠲᠠ ᠳᠤ᠂ ᠮᠠᠨ ᠤ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠦᠩᠭᠡ ᠢᠯᠭᠠᠷᠠᠮ᠎ᠠ | ᠦᠨᠳᠦᠰᠦᠲᠡᠨ ᠤ ᠬᠤᠪᠴᠠᠰᠤ ᠵᠠᠰᠠᠯ ᠣᠷᠭᠢᠯᠤᠮ᠎ᠠ ᠬᠠᠯᠠᠭᠤᠨ ᠰᠡᠳᠬᠢᠯᠭᠡ ᠪᠠ ᠭᠤᠶᠢᠳᠠ ᠰᠠᠶᠢᠬᠠᠨ ᠤᠷ᠎ᠠ | ᠮᠡᠷᠭᠡᠵᠢᠯ ᠢᠶᠠᠷ ᠢᠶᠠᠨ ᠦᠵᠡᠭᠴᠢᠳ ᠲᠤ ︽ᠰᠢᠯᠢ ᠶᠢᠨ ᠭᠤᠤᠯ ᠤᠨ ᠲᠠᠯ᠎ᠠ ᠨᠤᠲᠤᠭ︾᠂ ︽ᠰᠥᠨᠢᠳ ᠤᠨ ᠵᠣᠴᠢᠳ | ᠤᠭᠲᠤᠬᠤ ᠳᠠᠭᠤᠤ︾᠂ ︽ᠮᠣᠷᠢᠨ ᠨᠢᠷᠤᠭᠤᠨ ᠳᠡᠭᠡᠷᠡᠬᠢ ᠭᠠᠶᠢᠬᠠᠮᠰᠢᠭᠲᠤ ᠠᠶᠠᠰ︾᠂ ︽ᠲᠦᠮᠡᠨ ᠠᠭᠲᠠ ᠶᠢᠨ | ᠲᠥᠪᠡᠷᠭᠡᠨ︾ ᠵᠡᠷᠭᠡ ᠳᠠᠭᠤᠤ ᠪᠥᠵᠢᠭ ᠮᠤᠷᠢᠨ ᠬᠤᠭᠤᠷ ᠤᠨ ᠲᠣᠭᠯᠠᠯᠲᠠ ᠪᠠᠷ ᠲᠠᠯ᠎ᠠ ᠨᠤᠲᠤᠭ ᠤᠨ ᠬᠥᠪᠡᠭᠦᠳ | ᠥᠬᠢᠳ ᠤᠨ ᠣᠮᠤᠭ ᠵᠣᠷᠢᠭ ᠰᠦᠷ ᠵᠢᠪᠬᠤᠯᠠᠩᠲᠤ ᠰᠡᠳᠬᠢᠯᠭᠡ ᠶᠢ ᠪᠦᠷᠢᠨ ᠭᠦᠢᠴᠡᠳ ᠢᠯᠡᠷᠡᠭᠦᠯᠵᠤ᠂ ᠲᠠᠯ᠎ᠠ | ᠨᠤᠲᠤᠭ ᠤᠨ ᠥᠷᠭᠡᠨ ᠠᠭᠤᠳᠠᠮ ᠪᠠ ᠰᠦᠷᠯᠢᠭ ᠰᠠᠶᠢᠬᠠᠨ ᠪᠦᠬᠦᠨ ᠢ ᠦᠵᠡᠭᠴᠢᠳ ᠤᠨ ᠰᠠᠤᠨᠬᠢᠯ ᠳᠤ | ᠬᠠᠲᠠᠩᠰᠢᠭᠤᠯᠤᠨ ᠮᠡᠲᠡᠷᠡᠭᠦᠯᠤᠭ᠍ᠰᠡᠨ ᠪᠠᠶᠢᠨ᠎ᠠ᠃ | | ᠮᠠᠨ ᠤ ᠬᠤᠰᠢᠭᠤᠨ ᠤ ᠤᠯᠠᠭᠠᠨᠮᠥ᠋ᠴᠢᠷ ᠤᠨ ᠲᠤᠭᠯᠠᠭᠴᠢᠤᠨ ᠤᠨ ᠥᠪᠡᠷᠮᠢᠴᠡ ᠤᠨᠴᠠᠯᠢᠭ ᠪᠥᠬᠦᠢ ᠲᠤᠭᠯᠠᠯᠲᠠ | ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠵᠣ᠂ ᠨᠠᠭᠠᠳᠤᠮ ᠤᠨ | ᠠᠵᠢᠯᠯᠠᠭ᠎ᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | |