ᠥᠪᠥᠷ ᠮᠣᠩᠭᠤᠯ ᠤᠨ ᠶᠦᠨ ᠱᠦ ᠪᠢ ᠨᠠᠶᠢᠲᠠ ᠶᠢᠨ ᠠᠰᠠᠷᠠᠮᠵᠢ ᠶᠢᠨ ᠦᠢᠯᠡᠰ ᠤᠨ ᠰᠠᠭᠤᠷᠢ ᠮᠥᠩᠭᠦᠨ ᠤ ᠨᠡᠢᠭᠡᠮᠯᠢᠭ ᠠᠴᠠ ᠰᠠᠶᠢᠬᠠᠠᠭᠤᠪᠢ ᠰᠤᠮᠤᠨ ᠤ ᠰᠠᠷᠠᠭᠤᠯᠲᠡᠨᠵᠢ ᠭᠠᠴᠠᠭᠠᠨ ᠳᠤ ᠬᠠᠶᠢᠷ᠎ᠠ ᠬᠠᠯᠠᠮᠵᠢ ᠶᠢᠨ ᠪᠡᠯᠡ ᠮᠥᠩᠭᠦ ᠬᠠᠨᠳᠢᠪᠯᠡᠪᠡ
ᠨᠡᠶᠢᠲᠡᠯᠡᠭᠰᠡᠨ ᠴᠠᠭ᠄
2024/7/26
    7 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠶᠦᠨ ᠱᠦ ᠪᠢ 云曙碧 ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠬᠤᠰᠢᠭᠤᠨ ᠤ ᠰᠠᠶᠢᠬᠠᠠᠭᠤᠪᠢ ᠰᠤᠮᠤᠨ ᠤ ᠰᠠᠷᠠᠭᠤᠯᠳᠡᠨᠵᠢ ᠭᠠᠴᠠᠭᠠᠨ ᠳᠤ 20 ᠲᠦᠮᠡᠨ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠪᠠᠯᠠ ᠮᠥᠩᠭᠦ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠳᠤ᠂ ᠥᠪᠥᠷ ᠮᠣᠩᠭᠤᠯ ᠤᠨ ᠶᠦᠨ ᠱᠤ᠋ ᠪᠢ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ᠂ ᠲᠤᠰ ᠤᠲᠠᠭᠠᠨ ᠤ ᠬᠠᠶᠢᠷ᠎ᠠ ᠬᠠᠯᠠᠮᠵᠢ ᠶᠢᠨ ᠬᠠᠨᠳᠢᠪ ᠤᠨ ᠮᠥᠩᠭᠦ ᠨᠢ ᠮᠠᠯᠴᠢᠨ ᠲᠦᠮᠡᠨ ᠤ ᠡᠪᠡᠰᠦ ᠪᠣᠷᠳᠤᠭ᠎ᠠ ᠬᠤᠳᠠᠯᠳᠤᠨ ᠠᠪᠬᠤ ᠠᠵᠤ ᠠᠬᠤᠢ ᠶᠢᠨ ᠳᠠᠷᠤᠯᠲᠠ ᠶᠢ ᠪᠦᠲᠦᠮᠵᠢᠲᠡᠢ ᠨᠠᠮᠳᠠᠭᠤᠯᠵᠤ᠂ ᠮᠠᠯᠴᠢᠨ ᠲᠦᠮᠡᠨ ᠤ ᠣᠳᠣᠬᠠᠨ ᠤ ᠦᠢᠯᠡᠳᠪᠦᠷᠢᠯᠡᠯ ᠠᠮᠢᠳᠤᠷᠠᠯ ᠤᠨ ᠪᠠᠴᠢᠮ ᠪᠠᠶᠢᠳᠠᠯ ᠢ ᠬᠠᠪᠰᠤᠷᠤᠨ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ ᠭᠡᠵᠠᠢ᠃
    ᠮᠠᠯᠴᠢᠨ ᠲᠦᠮᠡᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠷᠠᠮ ᠦᠭᠡᠢ ᠬᠠᠨᠳᠢᠪᠯᠠᠭᠰᠠᠨ ᠶᠠᠪᠤᠳᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠠᠷᠠᠭᠤᠯᠳᠡᠨᠵᠢ ᠭᠠᠴᠠᠭᠠᠨ ᠤ ᠨᠠᠮ ᠤᠨ ᠡᠭᠦᠷ ᠠᠴᠠ ᠥᠪᠥᠷ ᠮᠣᠩᠭᠤᠯ ᠤᠨ ᠶᠦᠨ ᠱᠤ᠋ ᠪᠢ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶᠠᠨ ᠳᠤ ᠬᠡᠮᠡᠷᠯᠢᠭ ᠲᠤᠭ ᠬᠥᠷᠭᠡᠨ ᠲᠠᠯᠠᠷᠬᠠᠯ ᠤᠨ ᠰᠡᠳᠬᠢᠯᠭᠡ ᠪᠠᠨ ᠢᠯᠡᠳᠬᠡᠪᠡ᠃
    ᠣᠶᠢᠯᠠᠭᠠᠭᠰᠠᠨ ᠢᠶᠠᠷ᠂ ᠡᠨᠡ ᠬᠠᠪᠤᠷ ᠠᠴᠠ ᠨᠠᠰᠢ᠂ ᠮᠠᠨ ᠤ ᠬᠤᠰᠢᠭᠤᠨ ᠤ ᠬᠤᠷ᠎ᠠ ᠲᠤᠨᠲᠠᠰᠤ ᠶᠢᠨ ᠬᠡᠮᠵᠢᠶ᠎ᠡ ᠪᠠᠭ᠎ᠠ᠂ ᠶᠡᠭᠡ ᠰᠠᠯᠬᠢ᠂ ᠡᠯᠡᠰᠦᠨ ᠰᠢᠭᠤᠷᠭ᠎ᠠ ᠪᠠᠶᠢᠨ ᠳᠠᠬᠢᠨ ᠡᠭᠦᠰᠴᠦ᠂ ᠦᠷᠭᠦᠯᠵᠢᠯᠡᠨ ᠭᠠᠩ ᠬᠠᠭᠤᠷᠠᠶ ᠴᠠᠭ ᠠᠭᠤᠷ ᠨᠢ ᠮᠠᠯ ᠠᠵᠤ ᠠᠬᠤᠶ ᠳᠤ ᠬᠦᠨᠳᠦ ᠨᠣᠴᠢᠲᠠᠶ ᠨᠥᠯᠥᠭᠡ ᠪᠣᠯᠵᠣ᠂ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠤ ᠪᠠᠶᠢᠳᠠᠯ ᠭᠠᠷᠴᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠦᠢᠯ ᠤᠨ ᠶᠡᠭᠡ ᠳᠠᠷᠤᠯᠲᠠ ᠦᠵᠡᠭᠦᠯᠪᠡ᠃ ᠭᠠᠩ ᠤᠨ ᠪᠠᠶᠢᠳᠠᠯ ᠳᠤ ᠴᠢᠭᠯᠡᠭᠦᠯᠦᠨ ᠮᠠᠨ ᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠶᠢᠮᠠᠭ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠠᠯᠠ ᠮᠥᠩᠭᠦ ᠭᠤᠶᠤᠴᠢᠯᠠᠬᠤ ᠲᠠᠢ ᠴᠠᠭ ᠲᠤᠬᠠᠶ ᠳᠤᠨᠢ ᠵᠣᠯᠭᠠᠭᠤᠯᠵᠤ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠬᠠᠶᠢᠷ᠎ᠠ ᠬᠠᠯᠠᠮᠵᠢ ᠬᠠᠨᠳᠢᠪᠯᠠᠬᠤ ᠶᠢ ᠥᠷᠭᠡᠨ ᠢᠶᠠᠷ ᠥᠷᠨᠢᠭᠦᠯᠵᠦ᠂ ᠨᠥᠬᠦᠴᠡᠯ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠭᠡᠰᠢᠭᠦᠨ ᠨᠢᠭᠡᠴᠡ ᠪᠣᠯᠤᠨ ᠬᠤᠪᠢ ᠬᠥᠮᠦᠨ ᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠤᠷᠢᠭᠵᠢᠭᠤᠯᠤᠭᠰᠠᠨ ᠪᠠᠶᠢᠨ᠎ᠠ᠂ ᠥᠪᠥᠷ ᠮᠣᠩᠭᠤᠯ ᠤᠨ ᠶᠦᠨ ᠱᠤ᠋ ᠪᠢ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ ᠨᠢ ᠲᠡᠷᠡ ᠳᠠᠷᠤᠶ ᠳᠤᠨᠢ ᠰᠢᠯᠢ ᠶᠢᠨ ᠭᠤᠤᠯ ᠠᠶᠢᠮᠠᠭ ᠤᠨ ᠤᠯᠤᠰ ᠲᠥᠷᠥ ᠶᠢᠨ ᠲᠣᠪᠴᠢᠶ᠎ᠠ ᠲᠠᠢ ᠬᠠᠷᠢᠯᠴᠠᠵᠤ᠂ ᠮᠠᠯᠴᠢᠳ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠳᠤ ᠵᠤᠬᠢᠬᠤ ᠲᠠᠮᠵᠢᠯᠭᠡ ᠪᠤᠯᠤᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号