7 ᠳ᠋ᠤᠭᠠᠷ ᠰᠠᠷ᠎ᠠ ᠶᠢᠨ 4 ᠤ ᠡᠳᠦᠷ᠂ ᠬᠤᠰᠢᠭᠤ ᠳᠡᠳ᠋ ᠳᠠᠷᠤᠭ᠎ᠠ ᠶᠣᠣ ᠳ᠋ᠢ ᠨᠠᠷ ᠭᠤᠷᠪᠠᠨ ᠪᠠᠶᠢᠭᠤᠯᠵᠤ | ᠪᠠᠶᠢᠭ᠎ᠠ ᠪᠠᠷᠢᠯᠭ᠎ᠠ ᠶᠢᠨ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠵᠢᠯ ᠤᠨ ᠲᠤᠬᠠᠶ ᠬᠢᠨᠠᠨ ᠵᠢᠯᠣᠭᠤᠳᠴᠤ | ᠪᠠᠶᠢᠴᠠᠭᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ | ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠤᠨ ᠪᠠᠲᠤᠯᠠᠭ᠎ᠠ ᠶᠢᠨ ᠮᠥᠩᠭᠦ ᠲᠤᠰᠢᠶᠠᠬᠤ᠂ ᠬᠦᠴᠦ ᠶᠠᠪᠤᠭᠰᠠᠳ ᠤᠨ ᠲᠤᠰᠬᠠᠶ ᠲᠠᠩᠰᠠᠨ ᠨᠡᠭᠡᠭᠡᠬᠦ᠂ | ᠰᠠᠷ᠎ᠠ ᠪᠦᠷᠢ ᠲᠤᠭ᠎ᠠ ᠶᠣᠰᠣᠭᠠᠷ ᠴᠠᠯᠢᠩ ᠣᠯᠭᠤᠬᠤ᠂ ᠬᠥᠳᠡᠯᠮᠦᠷᠢ ᠶᠢᠨ ᠭᠡᠷ᠎ᠡ ᠲᠣᠭᠲᠠᠬᠤ ᠵᠡᠷᠭᠡ ᠲᠦᠷᠢᠮ ᠪᠠ | ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠠᠵᠤ ᠠᠬᠤᠶᠢᠯᠠᠯ ᠤᠨ ᠴᠠᠯᠢᠩ ᠢ ᠣᠷᠣᠯᠠᠨ ᠣᠯᠭᠤᠬᠤ᠂ ᠡᠷᠬᠡ ᠪᠠᠨ | ᠬᠠᠮᠠᠭᠠᠯᠠᠬᠤ ᠶᠢ ᠵᠠᠷᠯᠠᠨ ᠨᠡᠶᠢᠲᠡᠯᠡᠬᠦ ᠫᠠᠶᠢᠰᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠥᠬᠦ ᠲᠠᠯ᠎ᠠ ᠪᠠᠷ | ᠪᠠᠶᠢᠴᠠᠭᠠᠪᠠ᠃ | ᠪᠠᠶᠢᠴᠠᠭᠠᠬᠤ ᠳᠤᠭᠤᠶᠢᠯᠠᠩ ᠠᠴᠠ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠪᠣᠯ ᠨᠢᠭᠡ | ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠥᠨᠴᠤ ᠣᠯᠠᠨ ᠲᠦᠮᠡᠨ ᠤ ᠲᠣᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠵᠤ ᠪᠠᠶᠢᠳᠠᠭ ᠪᠣᠯᠬᠤᠷ ᠥᠪᠡᠷᠲᠡᠭᠡᠨ ᠵᠠᠰᠠᠬᠤ ᠣᠷᠣᠨ ᠠᠴᠠ ᠡᠨᠡ ᠬᠦ ᠠᠵᠢᠯ ᠢ | ᠨᠢᠭᠡᠨᠲᠡ ᠬᠤᠶᠠᠷ ᠵᠢᠯ ᠳᠠᠷᠠᠭᠠᠯᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠤᠷᠤᠭᠤᠯᠤᠨ ᠴᠢᠬᠤᠯᠠᠴᠢᠯᠠᠵᠤ | ᠪᠠᠶᠢᠨ᠎ᠠ᠃ ᠡᠯ᠎ᠡ ᠲᠥᠷᠥᠯ ᠵᠦᠢᠯ ᠤᠨ ᠪᠠᠷᠢᠯᠭ᠎ᠠ ᠶᠢᠨ ᠨᠢᠭᠡᠴᠡ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠤᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ | ᠮᠥᠴᠢᠷ ᠤᠨ ᠬᠠᠮᠢᠶ᠎ᠠ ᠪᠥᠬᠦᠶ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦ ᠶᠠᠪᠤᠭᠰᠠᠳ ᠤᠨ ᠴᠠᠯᠢᠩ ᠢ | ᠥᠷᠢᠲᠦᠬᠦ ᠠᠰᠠᠭᠤᠳᠠᠯ ᠢ ᠶᠠᠭᠠᠬᠢᠭᠰᠠᠨ ᠴᠤ ᠭᠠᠷᠭᠠᠵᠤ ᠪᠣᠯᠬᠤ ᠥᠬᠡᠶ᠃ ᠡᠯ᠎ᠡ ᠬᠢᠨᠠᠨ ᠬᠠᠮᠢᠶᠠᠷᠬᠤ ᠰᠠᠯᠠᠭ᠎ᠠ | ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠥᠬᠦ | ᠠᠶᠢᠮᠠᠭ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ | ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ ᠭᠡᠰᠠᠨ ᠪᠠᠶᠢᠨ᠎ᠠ᠃ | ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ | ᠤᠷᠤᠯᠴᠠᠪᠠ᠃ |