ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠡᠷᠡᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
    7 ᠳ᠋ᠤᠭᠠᠷ ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠶᠡᠷᠡᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠶᠠᠷᠢᠶ᠎ᠠ᠂ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠦᠨᠳᠦᠰᠦᠯᠡᠨ᠂ ᠤᠨᠤᠯ ᠤᠨ ᠰᠤᠷᠤᠯᠴᠠᠯᠭ᠎ᠠ᠂ ᠺᠠᠳ᠋ᠷ ᠢ ᠡᠭᠡᠯᠵᠢᠯᠡᠨ ᠪᠣᠯᠪᠠᠰᠤᠷᠠᠭᠤᠯᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠵᠣᠬᠢᠰᠲᠠᠢ ᠲᠤᠬᠢᠷᠠᠭᠤᠯᠵᠤ᠂ ᠠᠯᠬᠤᠮ ᠳᠠᠷᠠᠭ᠎ᠠ ᠲᠠᠢ᠂ ᠲᠥᠯᠥᠪᠯᠡᠭᠡ ᠲᠠᠢ᠂ ᠤᠯᠠᠨ ᠲᠥᠡᠮᠨᠴᠢ ᠤᠬᠠᠭᠤᠯᠤᠨ ᠮᠡᠳᠡᠭᠡᠯᠡᠬᠦ ᠪᠠ ᠤᠨᠤᠯ ᠤᠨ ᠲᠠᠶᠢᠯᠪᠤᠷᠢᠯᠠᠯᠲᠠ ᠶᠢ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠪᠡᠯᠡᠳᠬᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠳᠠᠮᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠣᠯᠠᠨ ᠲᠣᠭᠠᠲᠠᠨ︾ ᠢ ᠭᠦᠨᠵᠡᠭᠡᠶ ᠰᠤᠷᠤᠯᠴᠠᠨ ᠪᠣᠳᠠᠲᠠᠶᠢᠵᠢᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠰᠡᠨ ᠪᠠᠶᠢᠨ᠎ᠠ᠃     ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠯᠭᠤᠮᠵᠢᠲᠠᠢ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠪᠣᠯᠤᠨ ᠰᠤᠷᠤᠯᠴᠠᠯᠭ᠎ᠠ ᠶᠢᠨ ᠲᠥᠯᠥᠪᠯᠡᠭᠡ ᠶᠢ ᠴᠢᠩᠭ᠎ᠠ ᠬᠠᠷᠭᠤᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠬᠠᠷᠠᠯᠲᠠ ᠪᠠᠨ ᠬᠤᠪᠢᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠴᠠᠭ ᠢᠮᠠᠭᠲᠠ ᠰᠠᠬᠢᠯᠭ᠎ᠠ ᠪᠠᠲᠤ ᠶᠢᠨ ︽ᠬᠥᠪᠴᠢ︾ ᠶᠢ ᠴᠢᠩᠭᠠᠷᠠᠭᠤᠯᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠬᠡᠮᠵᠢᠭᠦᠷ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠬᠠᠷᠭᠤᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠭᠦᠨᠵᠡᠭᠡᠶᠢᠷᠡᠭᠦᠯᠵᠦ᠂ ᠥᠪᠡᠷ ᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠤᠴᠢᠷ ᠶᠠᠪᠤᠳᠠᠯ ᠲᠣᠬᠢᠶᠠᠯᠳᠤᠪᠠᠯ ᠶᠣᠰᠣ ᠲᠦᠷᠢᠮ ᠢ ᠡᠷᠢᠯᠬᠢᠯᠡᠬᠦ᠂ ᠠᠵᠢᠯ ᠶᠠᠪᠤᠳᠠᠯ ᠰᠢᠢᠳᠪᠦᠷᠢᠯᠡᠬᠦ ᠳᠤ ᠶᠣᠰᠣ ᠲᠦᠷᠢᠮ ᠢ ᠵᠢᠷᠤᠮᠯᠠᠬᠤ᠂ ᠠᠰᠠᠭᠤᠳᠠᠯ ᠢ ᠰᠢᠢᠳᠪᠦᠷᠢᠯᠡᠬᠦ ᠳᠤ ᠶᠣᠰᠣ ᠲᠦᠷᠢᠮ ᠢ ᠲᠦᠰᠢᠭᠯᠡᠬᠦ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠭᠤᠰᠢᠲᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠬᠠᠮᠤᠷᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃     ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠬᠤᠰᠢᠭᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号