ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
   7 ᠳ᠋ᠤᠭᠠᠷ ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠠ ᠮᠡᠳᠡᠭᠳᠡᠯ ᠢ ᠲᠥᠪᠯᠡᠷᠡᠭᠦᠯᠦᠨ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ ᠡᠷᠭᠢᠯᠡᠪᠡ᠃    ᠬᠤᠷᠠᠯ ᠠᠴᠠ᠂ ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠯ ᠤᠨ ᠤᠷᠢᠲᠠᠯ ᠪᠤᠯᠤᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠡᠷᠬᠡᠪᠰᠢ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠤᠨ᠂ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠢ ᠤᠷᠢᠳᠴᠢᠯᠡᠨ ᠰᠡᠷᠭᠡᠶᠢᠯᠡᠬᠦ ᠬᠡᠷᠡᠭᠲᠡᠶ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ ᠭᠡᠵᠠᠢ᠃    ᠬᠠᠮᠲᠤ ᠶᠢᠨ ᠰᠤᠷᠤᠯᠴᠠᠯᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠬᠤᠰᠢᠭᠤᠨ ᠳᠤ ᠰᠠᠭᠤᠭ᠎ᠠ ᠨᠢᠭᠡᠨ ᠴᠡᠷᠢᠭ ᠠᠩᠭᠢ ᠳᠤ ᠬᠦᠷᠴᠦ ᠲᠣᠭᠤᠷᠢᠨ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号