ᠡᠨᠡ ᠵᠢᠯ᠂ ᠰᠢᠯᠢ ᠶᠢᠨ ᠭᠤᠣᠯ ᠠᠢᠮᠠᠭ ᠠᠴᠠ ᠰᠥᠨᠢᠳ ᠵᠡᠭᠦᠨ ᠬᠤᠰᠢᠭᠤ ᠵᠡᠷᠭᠡ ᠭᠠᠵᠠᠷ ᠤᠨ ᠭᠠᠩ ᠤᠨ | ᠪᠣᠳᠠᠲᠤ ᠪᠠᠶᠢᠳᠠᠯ ᠳᠤ ᠴᠢᠭᠯᠡᠭᠦᠯᠦᠨ᠂ ᠭᠠᠵᠠᠷ ᠣᠷᠣᠨ ᠤ ᠭᠠᠩ ᠤᠨ ᠪᠠᠶᠢᠳᠠᠯ ᠳᠤ ᠲᠤᠬᠢᠷᠠᠭᠰᠠᠨ ᠮᠥᠩᠭᠦᠨ | ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠮᠠᠯᠴᠢᠳ ᠤᠨ ᠪᠠᠴᠢᠮ ᠲᠤᠯᠭᠠᠮ᠎ᠠ ᠪᠡᠯᠡ ᠮᠦᠩᠭᠦᠨ ᠤ | ᠡᠷᠭᠢᠯᠲᠡ ᠶᠢᠨ ᠬᠡᠷᠡᠭᠴᠡᠭᠡ ᠶᠢ ᠪᠦᠲᠦᠮᠵᠢᠲᠡᠢ ᠰᠢᠢᠳᠪᠤᠷᠢᠯᠡᠵᠦ᠂ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠳᠤ ᠮᠥᠩᠭᠦᠨ ᠭᠦᠢᠯᠭᠡᠭᠡᠨ ᠤ ᠬᠦᠴᠤᠨ ᠨᠡᠮᠡᠷᠢᠯᠡᠭᠰᠡᠨ ᠪᠠᠶᠢᠨ᠎ᠠ᠃ | ᠤᠶᠢᠷ᠎ᠠ ᠶᠢᠨ ᠡᠳᠦᠷ᠂ ᠬᠤᠰᠢᠭᠤ ᠮᠠᠨᠳᠠᠯᠲᠦ ᠪᠠᠯᠭᠠᠰᠤᠨ ᠤ ᠲᠠᠷᠬᠠᠨᠰᠢᠯᠢ ᠭᠠᠴᠠᠭᠠᠨ ᠤ ᠮᠠᠯᠴᠢᠨ ᠲᠡᠮᠤᠷᠪᠠᠭᠠᠳᠤᠷ | ᠬᠤᠰᠢᠭᠤ ᠬᠥᠳᠡᠭᠡ ᠲᠣᠰᠭᠤᠨ ᠤ ᠬᠤᠳᠠᠯᠳᠤᠭᠠᠨ ᠤ ᠪᠠᠩᠬᠢ ᠳᠤ ᠬᠦᠷᠴᠦ ᠵᠢᠭᠡᠯᠡᠯᠭᠡ ᠪᠠᠨ ᠤᠷᠲᠤᠳᠬᠠᠪᠠ᠃ | ᠣᠶᠢᠷ᠎ᠠ ᠶᠢᠨ ᠭᠤᠷᠪᠠᠨ ᠵᠢᠯ ᠤᠨ ᠭᠠᠩ ᠬᠠᠭᠰᠠᠷᠠᠭᠠᠨ ᠤ ᠨᠥᠯᠥᠭᠡ ᠠᠴᠠ ᠪᠣᠯᠵᠤ᠂ ᠲᠡᠮᠤᠷᠪᠠᠭᠠᠳᠤᠷ ᠨᠢᠳᠤᠨᠤᠨ ᠤ 8 | ᠰᠠᠷ᠎ᠠ ᠳᠤ 10 ᠲᠦᠮᠡᠨ ᠲᠥᠭᠦᠷᠢᠭ ᠤᠨ ︽ᠭᠠᠩ ᠬᠠᠭᠰᠠᠷᠠᠭᠠᠨ ᠲᠠᠢ ᠲᠡᠮᠡᠴᠡᠵᠦ ᠮᠠᠯ ᠠᠵᠤ ᠠᠬᠤᠢ ᠶᠢ ᠲᠡᠳᠬᠦᠨ | ᠬᠥᠭᠵᠢᠭᠦᠯᠬᠦ︾ ᠵᠢᠭᠡᠯᠡᠯᠭᠡ ᠶᠢ ᠭᠤᠶᠤᠴᠢᠯᠠᠵᠤ᠂ ᠵᠢᠭᠡᠯᠡᠯᠭᠡ ᠶᠢᠨ ᠬᠤᠭᠤᠴᠠᠭ᠎ᠠ ᠨᠢ ᠲᠤᠯᠬᠤ ᠳᠤ᠂ ᠬᠦᠳᠡᠭᠡ | ᠲᠤᠰᠬᠤᠨ ᠤ ᠬᠤᠳᠠᠯᠳᠤᠭᠠᠨ ᠤ ᠪᠠᠩᠬᠢ ᠶᠢᠨ ᠠᠵᠢᠯᠲᠠᠳ ᠲᠡᠮᠦᠷᠪᠠᠭᠠᠲᠤᠷ ᠤᠨ ᠵᠢᠭᠡᠯᠡᠯᠭᠡ ᠪᠠᠨ ᠪᠤᠴᠠᠭᠠᠵᠦ ᠲᠡᠶᠢᠯᠬᠦ | ᠦᠭᠡᠢ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠲᠡᠭᠦᠨ ᠳᠤ ᠡᠬᠡ ᠮᠥᠩᠭᠦ ᠪᠤᠴᠠᠭᠠᠬᠤ | ᠬᠤᠭᠤᠴᠠᠭ᠎ᠠ ᠶᠢ ᠤᠷᠲᠤᠳᠬᠠᠬᠤ ᠪᠠ ᠬᠦᠦ ᠮᠥᠩᠭᠦ ᠶᠢ ᠪᠠᠭᠤᠷᠠᠭᠤᠯᠬᠤ ᠪᠠᠷ ᠭᠤᠶᠤᠴᠢᠯᠠᠵᠤ᠂ ᠲᠡᠮᠦᠷᠪᠠᠭᠠᠲᠤᠷ ᠤᠨ | ᠦᠢᠯᠡᠳᠪᠦᠷᠢᠯᠡᠯ ᠠᠮᠢᠳᠤᠷᠠᠯ ᠤᠨ ᠳᠠᠷᠤᠯᠲᠠ ᠶᠢ ᠪᠦᠲᠦᠮᠵᠢᠲᠡᠶ ᠬᠦᠡᠩᠭᠡᠷᠡᠭᠦᠯᠤᠭ᠍ᠰᠡᠨ ᠪᠠᠶᠢᠨ᠎ᠠ᠃ | ᠰᠤᠷᠪᠤᠯᠵᠢᠯᠠᠭ᠎ᠠ᠄ ᠮᠠᠯᠴᠢᠨ ᠲᠡᠮᠦᠷᠪᠠᠭᠠᠲᠤᠷ | ᠬᠤᠰᠢᠭᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠮᠠᠯᠴᠢᠳ ᠤᠨ ᠪᠣᠳᠠᠲᠠᠢ ᠬᠡᠷᠡᠭᠴᠡᠭᠡ ᠶᠢ | ᠦᠨᠳᠦᠰᠦᠯᠡᠨ᠂ ᠭᠠᠩ ᠬᠠᠭᠰᠠᠷᠠᠭᠠᠨ ᠲᠠᠢ ᠲᠡᠮᠡᠴᠡᠬᠦ ︽ᠪᠠᠴᠢᠮ ᠪᠠᠶᠢᠳᠠᠯ ᠢ ᠠᠷᠭᠠᠴᠠᠬᠤ ᠵᠠᠮ︾ ᠢ ᠨᠡᠭᠡᠭᠡᠵᠦ᠂ | ᠣᠳᠣᠬᠠᠨ ᠪᠣᠯᠲᠠᠯ᠎ᠠ᠂ ᠭᠠᠩ ᠬᠠᠭᠰᠠᠷᠠᠭᠠᠨ ᠳᠤ ᠨᠥᠯᠥᠭᠡᠯᠡᠭᠳᠡᠭᠰᠡᠨ ᠮᠠᠯᠵᠢᠬᠤ ᠡᠷᠦᠬᠡ ᠳᠤ 3.1 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠲᠠᠯᠪᠢᠵᠤ᠂ ᠠᠰᠢᠭ ᠬᠦᠷᠲᠡᠭᠰᠡᠨ ᠮᠠᠯᠵᠢᠬᠤ ᠡᠷᠦᠬᠡ 4000 ᠭᠠᠷᠤᠢ ᠡᠷᠦᠬᠡ ᠪᠠᠶᠢᠵᠦ᠂ | ᠮᠠᠯᠴᠢᠳ ᠤᠨ ᠳᠠᠷᠤᠭᠠᠰᠤ ᠶᠢ 2000 ᠭᠠᠷᠤᠢ ᠲᠦᠮᠡᠨ ᠲᠥᠭᠦᠷᠢᠭ ᠬᠥᠩᠭᠡᠷᠡᠭᠦᠯᠪᠡ᠃ ᠡᠭᠦᠨ ᠤ ᠬᠠᠮᠲᠤ᠂ | ᠮᠠᠯᠴᠢᠳ ᠤᠨ ᠡᠬᠡ ᠮᠥᠩᠭᠦ ᠪᠠᠨ ᠪᠤᠴᠠᠭᠠᠬᠤ ᠦᠭᠡᠢ ᠪᠠᠷ ᠵᠢᠭᠡᠯᠡᠯᠭᠡ ᠪᠠᠨ ᠤᠷᠳᠤᠳᠬᠠᠬᠤ ᠶᠢ ᠪᠠᠲᠤᠯᠠᠵᠤ᠂ | ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠶᠢᠨ ᠬᠠᠮᠲᠤ ᠵᠢᠭᠡᠯᠡᠯᠭᠡ ᠶᠢ ᠭᠡᠷ ᠲᠤᠨᠢ ᠬᠦᠷᠭᠡᠬᠦ᠂ | ᠲᠤᠬᠠᠢ ᠶᠢᠨ ᠲᠠᠯᠠᠪᠤᠷ ᠲᠤ ᠠᠵᠢᠯᠯᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠬᠡᠷᠡᠭᠴᠡᠭᠡ ᠱᠠᠭᠠᠷᠳᠠᠯᠭ᠎ᠠ ᠲᠠᠢ | ᠮᠠᠯᠴᠢᠳ ᠲᠤ ᠵᠢᠭᠡᠯᠡᠯᠭᠡ ᠲᠠᠯᠪᠢᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠥᠬᠦ ᠲᠠᠯ᠎ᠠ ᠪᠠᠷ ᠰᠠᠶᠢᠲᠤᠷ | ᠬᠡᠷᠡᠭᠵᠢᠭᠦᠯᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠲᠤᠭᠤᠯᠬᠤ ᠳᠤ ᠬᠦᠴᠦᠨ | ᠨᠠᠮᠡᠷᠢᠯᠡᠵᠦ ᠪᠠᠶᠢᠨ᠎ᠠ᠃ |