ᠸᠠᠩ ᠶᠦᠩ ᠵᠢᠶᠦ᠋ᠨ ᠨᠡᠶᠢᠭᠡᠮ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠵᠢᠴᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/10
   8 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠰᠢᠭᠤ ᠶᠡᠷᠦᠩᠬᠡᠶᠢᠯᠡᠭᠰᠡᠨ ᠲᠡᠭᠡᠲᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠠᠷᠠᠳ ᠤᠨ ᠡᠮᠨᠡᠯᠭᠡ ᠶᠢᠨ ᠬᠤᠷᠢᠶ᠎ᠠ᠂ ᠠᠮᠢ ᠠᠬᠤᠶ ᠶᠢᠨ ᠬᠦᠷᠢᠶᠡᠯᠡᠩ᠂ ᠰᠢᠭᠤᠶᠢᠳᠤ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠨᠡᠶᠢᠭᠡᠮ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠲᠠᠷᠠᠭᠤᠯᠵᠤ ᠪᠠᠶᠢᠭ᠎ᠠ ᠵᠡᠷᠭᠡ ᠪᠠᠶᠢᠳᠠᠯ ᠢ ᠪᠠᠶᠢᠴᠠᠭᠠᠨ ᠥᠵᠡᠵᠤ ᠵᠢᠭᠠᠨ ᠵᠢᠯᠤᠭᠤᠤᠨᠴᠤ᠂ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠸᠠᠩ ᠶᠦᠩ ᠵᠢᠶᠦ᠋ᠨ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠤᠨ ᠲᠥᠯᠥᠪᠯᠡᠭᠡ ᠪᠣᠯᠤᠨ ᠠᠬᠢᠴᠠ ᠶᠢᠨ ᠲᠤᠬᠢᠷᠠᠭᠤᠯᠤᠯᠳᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡᠬᠡᠨ ᠥᠷᠭᠡᠨ ᠤᠯᠠᠨ ᠲᠦᠮᠡᠨ ᠳᠤ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ ᠭᠡᠪᠡ᠃ ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠲᠠ ᠪᠠᠯᠭᠠᠰᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠰᠠᠨ ᠪᠠᠶᠢᠨ᠎ᠠ᠃    ᠸᠠᠩ ᠶᠦᠩ ᠵᠢᠶᠦ᠋ᠨ ᠠᠴᠠ ᠰᠢᠭᠤᠶᠢᠳᠤ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠲᠠᠯ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠮ ᠤᠨ ᠪᠠᠶᠢᠭᠤᠯᠤᠯᠲᠠ᠂ ᠵᠠᠰᠠᠭ ᠤᠨ ᠶᠠᠪᠤᠳᠠᠯ᠂ ᠨᠡᠶᠢᠭᠡᠮ ᠤᠨ ᠦᠢᠯᠡᠴᠢᠯᠡᠭᠡ ᠵᠡᠷᠭᠡ ᠡᠯ᠎ᠡ ᠲᠦᠷᠦᠯ ᠤᠨ ᠠᠵᠢᠯ ᠢ ᠪᠦᠲᠦᠮᠵᠢᠲᠡᠢ ᠨᠢᠭᠡᠤᠨᠬᠡᠵᠤ᠂ ᠠᠵᠢᠯᠯᠠᠭᠠᠨ ᠨᠢ ᠡᠮᠬᠢ ᠵᠢᠷᠤᠮ ᠲᠠᠢ᠂ ᠦᠢᠯᠡᠴᠢᠯᠡᠭᠡ ᠨᠢ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠵᠤ᠂ ︽ᠨᠢᠭᠡ ᠦᠷᠳᠡᠭᠡ ᠤᠯᠠᠨ ᠴᠢᠳᠠᠪᠤᠷᠢ ᠲᠠᠢ︾ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠢ ᠴᠢᠷᠮᠠᠶᠢᠨ ᠪᠠᠶᠢᠭᠤᠯᠵᠤ᠂ ᠨᠡᠶᠢᠭᠡᠮ ᠲᠣᠭᠤᠷᠢᠭ ᠤᠨ ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠰᠢᠭᠤ ᠤᠳᠤᠷᠢᠳᠤᠯᠭ᠎ᠠ ᠰᠥᠩ ᠬᠤᠩ ᠪᠢᠨ᠂ ᠶᠣᠣ ᠳ᠋ᠢ᠂ ᠵᠣᠣ ᠯᠢ ᠴᠢᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号