ᠮᠠᠨ ᠤ ᠬᠤᠰᠢᠭᠤ᠄ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠶᠢ ᠱᠤᠭᠤᠬᠤ ᠢᠨᠵᠧᠨᠧᠷᠢᠩ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2024/9/10
   ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠶᠢ ᠱᠤᠭᠤᠬᠤ ᠢᠨᠵᠧᠨᠧᠷᠢᠩ ᠪᠣᠯᠣᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠭᠦᠨᠵᠡᠭᠡᠢ ᠠᠭᠤᠰᠤᠯᠴᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠶᠢ ᠵᠤᠷᠢᠭᠵᠢᠭᠤᠯᠤᠨ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠦ ᠪᠠᠶᠢᠨ᠎ᠠ᠃    ᠣᠶᠢᠷ᠎ᠠ ᠳᠤ᠂ ᠰᠤᠷᠪᠤᠯᠵᠢᠯᠠᠭᠴᠢ ᠬᠤᠩᠭᠤᠷ ᠰᠤᠮᠤᠨ ᠤ ᠲᠤᠮᠤ ᠢᠯᠠᠯᠲᠠ ᠭᠠᠴᠠᠭ᠎ᠠ ᠳᠤ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠠᠭ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠵᠤ ᠪᠠᠶᠢᠬᠤ ᠶᠢ ᠣᠯᠵᠤ ᠬᠠᠷᠠᠪᠠ᠃ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠪᠦᠬᠦ ᠨᠠᠮ ᠤᠨ ᠭᠡᠰᠢᠭᠦᠳ ᠤᠯᠤᠰ ᠤᠨ ᠲᠤᠭ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠣᠯᠠᠨ ᠢᠶᠠᠷ ᠢᠶᠠᠨ ᠤᠯᠤᠰ ᠤᠨ ᠲᠤᠭ ᠮᠠᠨᠳᠤᠭᠤᠯᠬᠤ ᠶᠣᠰᠣᠯᠠᠯ ᠢᠶᠠᠷ ᠳᠠᠮᠵᠢᠭᠤᠯᠤᠨ᠂ ᠠᠭᠤᠤ ᠶᠡᠭᠡ ᠡᠬᠡ ᠤᠯᠤᠰ ᠢᠶᠠᠨ ᠪᠢᠰᠢᠷᠡᠨ ᠬᠦᠨᠳᠦᠳᠬᠡᠬᠦ ᠪᠠ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠤᠯᠤᠰ ᠤᠨ ᠤᠬᠠᠮᠰᠠᠷ᠂ ᠤᠯᠤᠰ ᠠᠷᠠᠳ ᠤᠨ ᠤᠬᠠᠮᠰᠠᠷ᠂ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠣᠷᠣᠨ ᠤ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃    ᠮᠠᠨ ᠤ ᠬᠤᠰᠢᠭᠤᠨ ᠤ ᠡᠯ᠎ᠡ ᠬᠢᠯᠢ ᠬᠢᠵᠠᠭᠠᠷ ᠤᠨ ᠰᠤᠮᠤ ᠪᠠᠯᠭᠠᠰᠤᠨ ᠤ ᠨᠠᠮ ᠤᠨ ᠭᠡᠰᠢᠭᠦᠨ ᠤ ᠭᠤᠤᠯᠳᠠᠯᠭᠠᠲᠦ ᠡᠷᠦᠬᠡ ᠴᠦ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠢᠨᠵᠧᠨᠧᠷᠢᠩ ᠤᠨ ᠠᠵᠢᠯ ᠳᠤ ᠢᠳᠡᠪᠬᠢᠲᠡᠶ ᠣᠷᠣᠯᠴᠠᠵᠤ᠂ ᠥᠪᠡᠷ ᠤᠨ ᠭᠡᠷ ᠤᠨ ᠬᠦᠷᠢᠶᠡᠨ ᠳᠤ ᠤᠯᠤᠰ ᠤᠨ ᠲᠤᠭ ᠡᠯᠭᠦᠵᠦ᠂ ᠨᠠᠮ ᠤᠨ ᠡᠭᠦᠷ ᠤᠨ ᠨᠠᠮ ᠤᠨ ᠭᠡᠰᠢᠭᠦᠨ᠂ ᠬᠡᠷ ᠪᠦᠯᠢ ᠶᠢᠨ ᠪᠦᠷᠢᠯᠳᠦᠬᠦᠨ ᠢ ᠵᠣᠬᠢᠶᠠᠨ ᠪᠠᠶᠢᠭᠤᠯᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ︾ ᠶᠢ ᠨᠠᠷᠢᠨ ᠬᠢᠨᠠᠮᠠᠭᠠᠶ ᠰᠤᠷᠤᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠤᠷᠢᠶᠠᠯᠠᠪᠠ᠃ ᠡᠯ᠎ᠡ ᠪᠠᠶᠢᠭᠤᠯᠭ᠎ᠠ ᠨᠢᠭᠡᠴᠢ ᠶᠢᠨ ᠬᠢᠨ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠪᠠᠨ ᠱᠤᠭᠤᠬᠤ ᠢᠨᠵᠧᠨᠧᠷᠢᠩ ᠤᠨ ᠲᠣᠭᠤᠷᠢᠨ ᠳᠤ᠂ ︽ᠪᠢ ᠤᠯᠤᠰ ᠤᠨ ᠲᠤᠭ ᠲᠠᠢ ᠬᠠᠮᠲᠤ ᠰᠡᠭᠦᠳᠡᠷᠯᠡᠬᠦ︾᠂ ︽ᠤᠯᠤᠰ ᠤᠨ ᠲᠤᠭ ᠲᠠᠭᠠᠨ ᠶᠣᠰᠣᠯᠠᠬᠤ︾ ᠵᠡᠷᠭᠡ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠭᠰᠡᠨ ᠪᠠᠶᠢᠨ᠎ᠠ᠃    8 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠵᠢᠩᠬᠢᠨᠢ ᠪᠠᠷ ᠪᠠᠶᠢᠭᠤᠯᠤᠭᠳᠠᠵᠦ᠂ ︽ᠤᠯᠤᠰ ᠤᠨ ᠬᠡᠦᠬᠡᠳ︾ ᠤᠨ ᠭᠤᠤᠯ ᠰᠡᠳᠦᠪᠲᠦ ᠦᠵᠡᠰᠬᠦᠯᠡᠩ ᠢ ᠵᠢᠩᠬᠢᠨᠢ ᠪᠠᠷ ᠥᠷᠨᠢᠭᠦᠯᠦᠭᠰᠡᠨ ᠪᠥᠭᠡᠳ ︽ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ︾ ᠤᠨ ᠢᠷᠠᠭᠤ ᠠᠯᠳᠠᠷ ᠤᠨ ᠴᠣᠯᠠ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠶᠢ ᠱᠤᠭᠤᠬᠤ ᠢᠨᠵᠧᠨᠧᠷᠢᠩ ᠢ ᠪᠦᠲᠦᠮᠵᠢᠲᠡᠶ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠭᠰᠠᠨ ᠪᠠᠶᠢᠨ᠎ᠠ᠃    ︽ᠤᠯᠤᠰ ᠤᠨ ᠲᠤᠭ ᠬᠢᠯᠢ ᠬᠢᠵᠠᠭᠠᠷ ᠢ ᠭᠡᠶᠢᠭᠦᠯᠬᠦ︾ ᠰᠦᠭ ᠰᠦᠨᠡᠰᠦ ᠶᠢ ᠱᠤᠭᠤᠬᠤ ᠢᠨᠵᠧᠨᠧᠷᠢᠩ ᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠰᠢᠭᠤ ᠪᠥᠬᠦ ᠬᠤᠰᠢᠭᠤᠨ ᠤ ᠬᠡᠪᠴᠢᠶᠡᠨ ᠳᠤ ᠣᠯᠠᠨ ᠵᠦᠢᠯ ᠤᠨ ᠬᠡᠯᠪᠡᠷᠢ ᠪᠠᠷ ᠤᠯᠤᠰ ᠤᠨ ᠲᠤᠭ ᠡᠯᠭᠦᠬᠦ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠬᠤᠰᠢᠭᠤᠨ ᠤ ᠡᠯ᠎ᠡ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ᠂ ᠨᠠᠮ ᠣᠯᠠᠨ ᠲᠦᠮᠡᠨ ᠤ ᠤᠶᠢᠯᠡᠴᠢᠯᠡᠭᠡᠨ ᠤ ᠲᠥᠪ᠂ ᠬᠤᠲᠠ ᠪᠠᠯᠭᠠᠰᠤ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭ᠎ᠠ ᠳᠡᠯᠭᠡᠭᠦᠷ᠂ ᠵᠣᠴᠢᠳ ᠤᠨ ᠪᠠᠭᠤᠳᠠᠯ᠂ ᠳᠤᠮᠳᠠᠳᠤ ᠪᠠᠭ᠎ᠠ ᠰᠤᠷᠭᠠᠭᠤᠯᠢ ᠳᠤ ᠨᠡᠶᠢᠲᠡ 2500 ᠭᠠᠷᠤᠶ ᠤᠯᠤᠰ ᠤᠨ ᠲᠤᠭ ᠡᠯᠭᠦᠵᠦ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ᠂ ᠪᠠᠶᠢᠭᠤᠯᠭ᠎ᠠ ᠨᠢᠭᠡᠴᠢ ᠶᠢᠨ LED  ᠡᠯᠧᠺᠲᠷᠤᠨ ᠳᠡᠯᠭᠡᠴᠡ ᠳᠤ ︽ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠥᠮᠦᠵᠢᠯ ᠤᠨ ᠬᠠᠤᠯᠢ︾᠂ ᠡᠯᠧᠺᠳ᠋ᠷᠤᠨ ᠤᠬᠠᠭᠤᠯᠭ᠎ᠠ ᠶᠢᠨ ᠵᠠᠷᠯᠠᠯ 1500 ᠭᠠᠷᠤᠶ ᠵᠤᠷᠪᠤᠰ ᠨᠡᠪᠲᠡᠷᠡᠭᠦᠯᠵᠦ᠂ ᠬᠤᠲᠠ ᠪᠠᠯᠭᠠᠰᠤ ᠠᠴᠠ ᠲᠠᠯ᠎ᠠ ᠨᠤᠲᠤᠭ ᠬᠦᠷᠲᠡᠯ᠎ᠡ᠂ ᠵᠡᠭᠡᠯᠢ ᠳᠠᠭᠠᠭᠰᠠᠨ ᠨᠢᠭᠡᠴᠡ᠂ ᠵᠢᠵᠢᠭ ᠲᠣᠭᠤᠷᠢᠭ᠂ ᠬᠤᠳᠠᠯᠳᠤᠭᠠᠨ ᠤ ᠳᠡᠯᠭᠡᠭᠦᠷ ᠵᠢᠴᠢ ᠡᠯ᠎ᠡ ᠭᠤᠤᠯ ᠵᠠᠮ ᠢ ᠨᠡᠪᠲᠡᠷᠡᠭᠦᠯᠵᠦ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠰᠥᠨᠢᠳ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠤᠨ ᠲᠤᠭ ᠢ ᠬᠦᠨᠳᠦᠳᠬᠡᠨ ᠪᠢᠰᠢᠷᠡᠬᠦ ᠪᠠ ᠣᠮᠣᠭᠰᠢᠬᠤ ᠰᠡᠳᠬᠢᠯᠭᠡ ᠶᠢ ᠡᠬᠡ ᠤᠯᠤᠰ ᠪᠠ ᠠᠷᠠᠳ ᠲᠦᠮᠡᠨ ᠢᠶᠠᠨ ᠬᠠᠶᠢᠷᠠᠯᠠᠬᠤ ᠰᠡᠳᠬᠢᠯᠭᠡ ᠪᠣᠯᠭᠠᠨ ᠬᠤᠪᠢᠷᠠᠭᠤᠯᠤᠭᠰᠠᠨ ᠪᠠᠶᠢᠨ᠎ᠠ᠃    
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号