ᠣᠳᠣ ᠶᠠᠭ ᠰᠠᠶᠢᠬᠠᠨ ᠮᠠᠯ ᠤᠨ ᠭᠠᠷᠭᠠᠯᠲᠠ ᠶᠢᠨ ᠤᠯᠠᠷᠢᠯ ᠪᠣᠯᠵᠤ ᠪᠠᠶᠢᠬᠤ ᠠᠴᠠ ᠮᠠᠨ ᠤ ᠬᠤᠰᠢᠭᠤᠨ ᠤ | ᠬᠤᠷᠰᠢᠶᠠᠵᠢᠯ ᠨᠢᠭᠡᠳᠦᠯᠲᠡᠢ ᠬᠤᠳᠠᠯᠳᠤᠬᠤ᠂ ᠨᠥᠬᠦᠪᠥᠷᠢ ᠥᠭᠬᠦ ᠡᠷᠴᠢᠮ ᠢᠶᠠᠨ ᠲᠡᠭᠡᠭᠰᠢᠯᠡᠬᠦᠯᠬᠦ ᠵᠡᠷᠭᠡ ᠠᠷᠭ᠎ᠠ | ᠬᠡᠮᠵᠢᠶ᠎ᠡ ᠠᠪᠴᠤ᠂ ᠮᠠᠯᠴᠢᠨ ᠲᠦᠮᠡᠨ ᠤ ᠡᠷᠲᠡ ᠪᠣᠷᠣᠯᠠᠭᠤᠯᠬᠤ᠂ ᠢᠯᠡᠭᠦᠦ ᠭᠠᠷᠭᠠᠬᠤ᠂ ᠲᠦᠷᠭᠡᠨ ᠭᠠᠷᠭᠠᠬᠤ ᠶᠢ | ᠵᠤᠷᠢᠭᠵᠢᠭᠤᠯᠤᠨ ᠮᠠᠯᠴᠢᠳ ᠤᠨ ᠢᠯᠡᠭᠦᠦ ᠤᠷᠤᠯᠭ᠎ᠠ ᠤᠯᠬᠤ ᠶᠢ ᠲᠠᠮᠵᠢᠵᠤ ᠪᠠᠶᠢᠨ᠎ᠠ᠃ | ᠮᠠᠨᠲᠠᠯᠲᠤ ᠮᠢᠬᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠬᠦᠷᠢᠶᠡᠨ ᠳᠤ᠂ ᠮᠠᠯᠴᠢᠳ ᠨᠢᠭᠡ ᠬᠡᠰᠡᠭ ᠡᠬᠡ | ᠮᠠᠯ ᠢᠶᠠᠨ ᠦᠯᠡᠳᠡᠭᠡᠵᠦ᠂ ᠬᠤᠲᠠᠯᠳᠤᠬᠤ ᠪᠠᠷ ᠠᠪᠴᠢᠷᠠᠭᠰᠠᠨ ᠬᠤᠨᠢᠤᠨ ᠨᠢ ᠠᠳᠡ ᠪᠠᠶᠢᠯ᠎ᠠ᠃ ᠡᠨᠡ ᠵᠢᠯ ᠴᠥᠭᠡᠨ | ᠪᠤᠰᠤ ᠬᠤᠷᠰᠢᠶᠠᠵᠢᠯ ᠪᠣᠯᠤᠨ ᠮᠠᠯᠴᠢᠳ ᠲᠤᠬᠠᠶ ᠶᠢᠨ ᠭᠠᠵᠠᠷ ᠤᠨ ᠠᠵᠤ ᠠᠬᠤᠶᠢᠯᠠᠯ ᠲᠠᠢ ᠪᠣᠷᠣᠯᠠᠭᠤᠯᠬᠤ ᠬᠡᠯᠡᠯᠴᠡᠭᠡᠷ | ᠲᠣᠭᠲᠠᠵᠤ᠂ ᠮᠠᠯᠴᠢᠨ ᠪᠦᠬᠡ ᠶᠢᠨ ᠬᠢᠨ ᠡᠨᠡ ᠤᠳᠠᠭ᠎ᠠ 100 ᠭᠠᠷᠤᠶ ᠬᠤᠨᠢ ᠪᠠᠨ ᠪᠣᠷᠣᠯᠠᠭᠤᠯᠵᠤ᠂ 3 ᠳ᠋ᠤᠭᠠᠷ | ᠰᠠᠷ᠎ᠠ ᠳᠤ ᠡᠳ᠋ᠰᠢᠭᠦᠯᠬᠦ ᠠᠵᠤ ᠠᠬᠤᠶᠢᠯᠠᠯ ᠳᠤ ᠵᠢᠩ ᠪᠦᠷᠢ 27 ᠲᠥᠭᠦᠷᠢᠭ ᠤᠨ ᠥᠨᠳᠥᠷ ᠦᠨ᠎ᠡ ᠪᠠᠷ ᠬᠤᠳᠠᠯᠳᠤᠨ | ᠥᠭᠬᠦ ᠪᠠᠷ ᠲᠤᠭᠲᠠᠭᠠᠭᠰᠠᠨ ᠪᠠᠶᠢᠵᠠᠢ᠃ | ᠰᠥᠨᠢᠳ ᠵᠡᠭᠦᠨ ᠬᠤᠰᠢᠭᠤᠨ ᠤ ᠮᠠᠨᠲᠠᠯᠲᠤ ᠮᠢᠬᠠᠨ ᠢᠳᠡᠭᠡᠨ ᠤ ᠬᠢᠵᠠᠭᠠᠷᠲᠤ ᠺᠣᠮᠫᠠᠨᠢ ᠶᠢᠨ ᠠᠯᠠᠵᠤ ᠨᠢᠲᠤᠯᠬᠤ | ᠲᠠᠰᠤᠭ ᠨᠢ ᠨᠢᠲᠤᠯᠬᠤ᠂ ᠬᠡᠰᠡᠭᠯᠡᠬᠦ᠂ ᠬᠥᠯᠳᠡᠭᠡᠬᠦ ᠵᠡᠷᠭᠡ ᠠᠵᠢᠯ ᠤᠨ ᠳᠡᠰ ᠳᠠᠷᠠᠭᠠᠯᠠᠯ ᠨᠢᠭᠡᠪᠦᠷᠢ ᠳᠤ ᠴᠥᠮ ᠲᠤᠰᠬᠠᠶ | ᠬᠥᠮᠦᠨ ᠬᠠᠷᠢᠭᠤᠴᠠᠨ᠂ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠪᠠᠷ ᠡᠨᠡ ᠬᠡᠰᠡᠭ ᠬᠤᠭᠤᠴᠠᠭᠠᠨ ᠳᠤ᠂ | ᠦᠢᠯᠡᠳᠪᠦᠷᠢ ᠶᠢᠨ ᠲᠠᠰᠤᠭ ᠤᠨ ᠡᠳᠦᠷ ᠪᠦᠷᠢ ᠶᠢᠨ ᠠᠯᠠᠵᠦ ᠨᠢᠳᠣᠯᠬᠤ ᠬᠡᠮᠵᠢᠶ᠎ᠡ ᠨᠢ 1000 ᠲᠤᠯᠤᠭᠠᠢ ᠠᠴᠠ | ᠲᠠᠪᠠᠵᠤ᠂ ᠡᠨᠡ ᠵᠢᠯ ︽ᠮᠠᠯᠵᠢᠬᠤ ᠡᠷᠦᠬᠡ + ᠬᠤᠷᠰᠢᠶᠠᠵᠢᠯ + ᠠᠵᠤ ᠠᠬᠤᠶᠢᠯᠠᠯ︾ ᠤᠨ ᠭᠠᠷᠭᠠᠯᠲᠠ ᠶᠢᠨ | ᠵᠠᠭᠪᠤᠷ ᠤᠨ ᠬᠡᠯᠪᠡᠷᠢ ᠪᠠᠷ ᠮᠠᠯᠴᠢᠳ ᠤᠨ ᠬᠦᠷᠭᠡᠵᠦ ᠢᠷᠡᠭᠰᠡᠨ ᠬᠤᠨᠢ ᠶᠢ ᠬᠡᠵᠢᠶ᠎ᠡ ᠴᠦ ᠭᠡᠰᠡᠨ ᠪᠣᠯᠪᠠᠰᠤᠷᠠᠭᠤᠯᠵᠤ | ᠪᠠᠶᠢᠨ᠎ᠠ᠃ |