ᠮᠠᠨ ᠤ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/10
   8 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠵᠢᠴᠢ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠤᠬᠠᠭᠤᠯᠭ᠎ᠠ ᠲᠠᠶᠢᠯᠤᠮᠵᠢ ᠬᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠶ᠃    ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ︽ᠰᠢᠨ᠎ᠡ ᠠᠶᠠᠨ ᠵᠠᠮ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯᠯᠠᠭᠠᠨ ᠤ ᠬᠥᠲᠥᠯᠪᠦᠷᠢ - ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠠᠭᠤᠯᠭ᠎ᠠ ᠲᠣᠳᠣᠷᠬᠠᠶ᠂ ᠠᠭᠤᠯᠤᠭᠳᠠᠬᠤᠨ ᠪᠠᠶᠠᠯᠢᠭ ᠪᠠᠶᠢᠵᠤ᠂ ᠣᠯᠠᠨ ᠳᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠭᠠᠭᠤᠯᠤᠨ ᠣᠨᠣᠪᠴᠢᠲᠠᠶ ᠡᠵᠡᠮᠰᠢᠭᠦᠯᠵᠦ᠂ ᠮᠠᠰᠢ ᠶᠡᠭᠡ ᠰᠡᠩᠬᠡᠷᠡᠭᠦᠯᠦᠯ ᠪᠠ ᠵᠢᠯᠣᠭᠤᠳᠬᠤ ᠠᠴᠢ ᠬᠤᠯᠪᠣᠭᠳᠠᠯ ᠦᠵᠡᠭᠦᠯᠦᠭᠰᠡᠨ ᠪᠠᠶᠢᠨ᠎ᠠ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠬᠦᠷᠬᠡᠯᠡᠵᠦ ᠪᠠᠶᠢᠭ᠎ᠠ ᠪᠤᠯᠬᠤᠷ᠂ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠬᠡᠷᠡᠭᠲᠡᠶ᠃ ᠰᠤᠷᠤᠯᠴᠠᠵᠤ ᠰᠤᠳᠤᠯᠤᠨ ᠶᠠᠷᠢᠯᠴᠠᠬᠤ᠂ ᠲᠤᠰᠬᠠᠶ ᠰᠡᠳᠦᠪᠲᠦ ᠪᠤᠯᠪᠠᠰᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠡᠯ᠎ᠡ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠲᠤᠰᠬᠠᠶ ᠰᠡᠳᠦᠪᠲᠦ ᠪᠤᠯᠤᠩ ᠭᠠᠷᠭᠠᠨ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠰᠠᠶᠢᠳᠤᠷ ᠠᠳᠬᠤᠵᠦ᠂ ᠣᠨᠣᠯ ᠤᠨ ᠰᠤᠳᠤᠯᠭᠠᠨ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠦᠨ᠂ ᠵᠥᠪ ᠤᠳᠤᠷᠢᠳᠤᠮᠵᠢ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠰᠡᠳᠬᠢᠬᠦᠶ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠰᠢᠭᠤᠨ ᠳᠤ ᠦᠨᠳᠦᠰᠦᠯᠡᠭᠦᠯᠬᠦ ᠶᠢ ᠠᠬᠢᠭᠤᠯᠬᠤ ᠬᠡᠷᠡᠭᠲᠡᠶ ᠭᠡᠵᠠᠢ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号