ᠮᠠᠨ ᠤ ᠬᠤᠰᠢᠭᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/9/10
   8 ᠳ᠋ᠤᠭᠠᠷ ᠰᠠᠷ᠎ᠠ ᠶᠢᠨ 16 ᠤ ᠡᠳᠦᠷ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠰᠠᠶᠢᠨ ᠳᠤᠷ᠎ᠠ ᠶᠢᠨ ᠠᠶᠠᠯᠠᠯ︾ - ᠰᠥᠨᠢᠳ ᠵᠡᠭᠦᠨ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠶᠠᠪᠤᠭᠳᠠᠪᠠ᠃    ᠤᠷᠤᠯᠳᠤᠭᠠᠨ ᠨᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ᠂ ᠠᠩᠬ᠎ᠠ ᠠᠯᠬᠤᠮ ᠬᠢᠨᠠᠨ ᠬᠠᠷᠭᠤᠭᠤᠯᠬᠤ ᠵᠡᠷᠭᠡ ᠬᠡᠯᠪᠡᠷᠢ ᠪᠠᠷ ᠳᠡᠮᠵᠢᠨ᠂ ᠰᠠᠶᠢᠨ ᠳᠤᠷ᠎ᠠ ᠶᠢᠨ ᠦᠢᠯᠡᠴᠢᠯᠡᠭᠡᠨ ᠤ 8 ᠲᠥᠷᠥᠯ ᠵᠦᠢᠯ ᠢ ᠰᠢᠢᠳᠪᠦᠷᠢᠲᠦ ᠤᠷᠤᠯᠳᠤᠭᠠᠨ ᠳᠤ ᠣᠷᠣᠭᠤᠯᠬᠤ ᠪᠠᠷ ᠲᠣᠭᠲᠠᠭᠠᠪᠠ᠃ ᠡᠲᠡᠭᠡᠷ ᠲᠥᠷᠥᠯ ᠵᠦᠢᠯ ᠳᠤ ᠡᠯ᠎ᠡ ᠰᠠᠯᠠᠭ᠎ᠠ ᠮᠥᠴᠢᠷ ᠨᠢᠭᠡᠴᠡ᠂ ᠰᠤᠮᠤ ᠪᠠᠯᠭᠠᠰᠤ ᠶᠢᠨ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠡᠮᠡᠭᠲᠡᠶᠢᠴᠦᠳ ᠬᠡᠤᠬᠡᠳ ᠢ ᠬᠠᠯᠠᠮᠵᠢᠯᠠᠬᠤ᠂ ᠨᠡᠶᠢᠭᠡᠮ ᠤᠨ ᠵᠠᠰᠠᠯᠲᠠ᠂ ᠰᠣᠶᠣᠯ ᠤᠨ ᠤᠬᠠᠭᠤᠯᠭ᠎ᠠ᠂ ᠣᠨᠣᠯ ᠤᠨ ᠤᠬᠠᠭᠤᠯᠭ᠎ᠠ᠂ ᠠᠮᠢ ᠠᠬᠤᠶ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠨᠡᠶᠢᠭᠡᠮᠴᠢᠯᠡᠭᠰᠡᠨ ᠤᠶᠢᠯᠡᠴᠢᠯᠡᠭᠡ ᠵᠡᠷᠭᠡ ᠠᠳᠠᠯᠢ ᠪᠤᠰᠤ ᠲᠥᠷᠥᠯ ᠤᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠥᠷᠥᠯ ᠵᠦᠢᠯ ᠶᠢ ᠪᠠᠭᠳᠠᠭᠠᠭᠰᠠᠨ ᠪᠠᠶᠢᠨ᠎ᠠ᠃    8 ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠣᠷᠣᠯᠴᠠᠭᠰᠠᠳ PPT᠂ ᠸᠢᠳᠢᠣ᠋ ᠵᠡᠷᠭᠡ ᠠᠷᠭ᠎ᠠ ᠬᠡᠯᠪᠡᠷᠢ ᠪᠠᠷ ᠲᠥᠷᠥᠯ ᠵᠦᠢᠯ ᠤᠨ ᠡᠬᠢᠯᠡᠯᠲᠡ᠂ ᠬᠡᠷᠡᠭᠵᠢᠭᠦᠯᠦᠯᠲᠡ ᠶᠢᠨ ᠦᠷ᠎ᠡ ᠪᠦᠲᠦᠮᠵᠢ᠂ ᠠᠵᠢᠯᠯᠠᠭᠠᠨ ᠤ ᠬᠠᠮᠢᠶᠠᠷᠤᠯᠲᠠ᠂ ᠰᠢᠨ᠎ᠡ ᠶᠢ ᠡᠭᠦᠳᠬᠦ ᠴᠢᠳᠠᠪᠤᠷᠢ᠂ ᠨᠡᠶᠢᠭᠡᠮ ᠤᠨ ᠨᠥᠯᠥᠭᠡ ᠵᠡᠷᠭᠡ ᠶᠢ ᠠᠮᠢᠳᠤᠯᠢᠭ ᠳᠡᠯᠭᠡᠨ ᠦᠵᠡᠭᠦᠯᠵᠦ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠶᠢ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠢ ᠰᠤᠷᠭᠠᠨ ᠬᠥᠮᠦᠵᠢᠭᠦᠯᠬᠦ᠂ ᠣᠯᠠᠨ ᠲᠦᠮᠡᠨ ᠢ ᠬᠥᠲᠥᠯᠥᠨ ᠳᠠᠭᠠᠭᠤᠯᠬᠤ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠪᠠᠳᠠᠷᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠥᠷᠭᠡᠳᠬᠡᠬᠦ ᠪᠠ ᠪᠠᠬᠢᠵᠢᠭᠦᠯᠬᠦ ᠶᠢ ᠠᠬᠢᠭᠤᠯᠤᠭᠰᠠᠨ ᠪᠠᠶᠢᠨ᠎ᠠ᠃ ᠤᠷᠤᠯᠳᠤᠭᠠᠨ ᠨᠢ ᠬᠤᠷᠴᠨ ᠰᠢᠷᠤᠭᠦᠨ᠂ ᠬᠦᠷ ᠬᠦᠭᠵᠢᠶᠡᠨ ᠲᠠᠢ ᠶᠠᠪᠤᠭᠳᠠᠵᠦ᠂ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠠᠶ᠃ ᠤᠷᠤᠯᠳᠤᠭᠠᠨ ᠳᠤ᠂ ᠬᠤᠰᠢᠭᠤ ᠤᠯᠠᠭᠠᠨ ᠵᠠᠭᠠᠯᠮᠠᠢᠳᠠᠨ ᠤ ᠨᠡᠢᠭᠡᠮᠯᠢᠭ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠵᠡᠮᠳᠡᠭᠴᠦᠳ ᠤᠨ ᠬᠤᠯᠪᠣᠭᠠᠲᠤ ᠬᠤᠷᠠᠯ᠂ ᠰᠠᠶᠢᠬᠠᠠᠭᠤᠪᠢ ᠰᠤᠮᠤ ᠰᠢᠯᠢᠳᠡᠭ ᠱᠠᠩᠨᠠᠯ ᠳᠤ ᠲᠤᠳᠤᠷᠠᠵᠦ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠷᠪᠠᠳᠤᠭᠠᠷ ᠳᠡᠰ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠬᠤᠶᠠᠳᠤᠭᠠᠷ ᠳᠡᠰ᠂ ᠪᠠᠶᠠᠨᠨᠠᠭᠤᠷ ᠪᠠᠯᠭᠠᠰᠦ ᠨᠢᠭᠡᠳᠦᠭᠡᠷ ᠳᠡᠰ ᠳᠤ ᠲᠤᠰ ᠲᠤᠰ ᠲᠤᠳᠤᠷᠠᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号