ᠡᠳ᠋ ᠤᠨ ᠵᠠᠰᠠᠭ ᠤᠨ ᠲᠤᠪᠴᠢᠶ᠎ᠠ
ᠨᠡᠶᠢᠲᠡᠯᠡᠭᠰᠡᠨ ᠴᠠᠭ᠄
2024/9/19
     1. ᠤᠯᠤᠰ ᠤᠨ ᠡᠳ᠋ ᠤᠨ ᠵᠠᠰᠠᠭ᠂ ᠭᠠᠶᠢᠯᠢ ᠶᠢᠨ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠦ᠂ ᠪᠦᠬᠦ ᠬᠤᠰᠢᠭᠤᠨ ᠤ ᠡᠳ᠋ ᠤᠨ ᠵᠠᠰᠠᠭ᠂ ᠭᠠᠶᠢᠯᠢ ᠶᠢᠨ ᠠᠵᠢᠯ ᠤᠨ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ᠂ ᠦᠬᠡᠷᠡᠴᠢᠯᠡᠯᠳᠡ ᠶᠢᠨ ᠠᠷᠭ᠎ᠠ ᠲᠦᠰᠦᠪ ᠵᠢᠴᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠭᠳᠠᠭᠠᠨ᠂ ᠡᠯ᠎ᠡ ᠲᠦᠷᠦᠯ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠬᠤ ᠳᠤ ᠤᠷᠤᠯᠴᠠᠨ᠎ᠠ᠃      2. ᠡᠳ᠋ ᠤᠨ ᠵᠠᠰᠠᠭ ᠤᠨ ᠵᠢᠯ ᠤᠨ ᠲᠦᠰᠦᠪ ᠢ ᠨᠠᠶᠢᠷᠠᠭᠤᠯᠤᠨ ᠲᠤᠭᠳᠠᠬᠤ ᠶᠢᠨ ᠬᠠᠮᠳᠤ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ︔ ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠦᠯᠳᠡ ᠬᠢᠨ᠎ᠡ︔ ᠪᠦᠬᠦ ᠬᠤᠰᠢᠭᠤᠨ ᠤ ᠡᠯ᠎ᠡ ᠲᠦᠷᠦᠯ ᠤᠨ ᠡᠳ᠋ ᠤᠨ ᠵᠠᠰᠠᠭ ᠤᠨ ᠤᠷᠤᠯᠭ᠎ᠠ᠂ ᠲᠦᠰᠦᠪ ᠤᠨ ᠭᠠᠳᠠᠨᠠᠬᠢ ᠪᠡᠯᠡ ᠮᠦᠩᠬᠦ ᠪᠠ ᠡᠳ᠋ ᠤᠨ ᠵᠠᠰᠠᠭ ᠤᠨ ᠲᠤᠰᠬᠠᠢ ᠡᠷᠦᠬᠡ ᠶᠢ ᠬᠠᠮᠢᠶᠠᠷᠤᠨ᠎ᠠ︔ ᠵᠠᠰᠠᠭ ᠤᠨ ᠴᠢᠨᠠᠷᠳᠠᠢ ᠰᠠᠭᠤᠷᠢ ᠮᠦᠩᠬᠦ᠂ ᠵᠠᠰᠠᠭ ᠵᠠᠬᠢᠷᠭᠠᠨ ᠤ ᠴᠢᠨᠠᠷᠳᠠᠢ ᠬᠤᠷᠢᠶᠠᠭᠰᠠᠨ ᠰᠦᠢᠳᠭᠡᠯ᠂ ᠲᠤᠷᠭᠤᠵᠤ ᠬᠤᠷᠢᠶᠠᠮᠵᠢᠯᠠᠭᠰᠠᠨ ᠤᠷᠤᠯᠭ᠎ᠠ ᠶᠢ ᠬᠠᠮᠢᠶ᠋ᠷᠤᠨ᠎ᠠ︔ ᠪᠦᠬᠦ ᠬᠤᠰᠢᠭᠤᠨ ᠤ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠳᠤ ᠶᠡᠷᠦᠩᠬᠡᠢ ᠲᠡᠩᠴᠡᠬᠦᠯᠬᠡ ᠬᠢᠨ᠎ᠡ᠃      3. ᠪᠦᠬᠦ ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ ᠶᠢ ᠬᠠᠮᠢᠶᠠᠷᠤᠨ᠎ᠠ︔ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠲᠤᠭᠳᠠᠭᠠᠬᠤ ᠪᠠ ᠭᠡᠷᠡᠭᠵᠢᠬᠦᠯᠵᠦ᠂ ᠰᠤᠮᠤ ᠰᠢᠶᠠᠩ ᠱᠠᠳᠤᠨ ᠤ ᠡᠳ᠋ ᠤᠨ ᠵᠠᠰᠠᠭ ᠬᠢᠭᠡᠳ ᠡᠯ᠎ᠡ ᠰᠠᠯᠠᠭ᠎ᠠ ᠮᠦᠴᠢᠷ ᠤᠨ ᠲᠦᠰᠦᠪ ᠤᠨ ᠭᠡᠷᠡᠭᠵᠢᠬᠦᠯᠦᠯᠳᠡ ᠳᠤ ᠬᠢᠨᠠᠯᠳᠠ ᠲᠠᠯᠪᠢᠨ᠎ᠠ᠃      4. ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠳ᠋ ᠬᠦᠷᠦᠩᠬᠡ ᠶᠢ ᠪᠠᠶᠢᠴᠠᠭᠠᠨ ᠲᠠᠩᠰᠠᠯᠠᠨ᠎ᠠ︔ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠪᠡᠯᠡ ᠮᠦᠩᠬᠦᠨ ᠤ ᠬᠠᠮᠢᠶᠠᠷᠤᠯᠳᠠ ᠶᠢ ᠬᠠᠷᠢᠭᠤᠴᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠪᠡᠯᠡ ᠮᠦᠩᠬᠦᠨ ᠤ ᠬᠠᠮᠢᠶᠠᠷᠤᠯᠳᠠ ᠶᠢᠨ ᠠᠷᠭ᠎ᠠ ᠪᠠ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠎ᠠ︔ ᠪᠦᠬᠦ ᠬᠤᠰᠢᠭᠤᠨ ᠤ ᠡᠳ᠋ ᠤᠨ ᠵᠠᠰᠠᠭ ᠤᠨ ᠨᠡᠶᠢᠬᠡᠮ ᠤᠨ ᠪᠠᠳᠤᠯᠠᠭᠠᠨ ᠤ ᠵᠠᠷᠤᠯᠭ᠎ᠠ ᠶᠢ ᠬᠠᠮᠢᠶᠠᠷᠴᠤ᠂ ᠨᠡᠶᠢᠬᠡᠮ ᠤᠨ ᠪᠠᠳᠤᠯᠠᠭᠠᠨ ᠤ ᠮᠦᠩᠬᠦ ᠶᠢᠨ ᠡᠯ᠎ᠡ ᠲᠦᠷᠦᠯ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠂ ᠡᠳ᠋ ᠤᠨ ᠵᠠᠰᠠᠭ ᠤᠨ ᠬᠢᠨᠠᠯᠳᠠ ᠲᠠᠯᠪᠢᠬᠤ ᠠᠵᠢᠯ ᠢ ᠬᠢᠨ᠎ᠡ᠃ ᠡᠳ᠋ ᠤᠨ ᠵᠠᠰᠠᠭ ᠠᠴᠠ ᠠᠵᠤ ᠠᠬᠤᠢ ᠪᠠ ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠡᠮᠵᠢᠬᠦ ᠲᠤᠰᠬᠠᠢ ᠲᠦᠷᠦᠯ ᠤᠨ ᠪᠡᠯᠡ ᠮᠦᠩᠬᠦ ᠶᠢ ᠬᠠᠮᠢᠶᠠᠷᠴᠤ᠂ ᠭᠠᠵᠠᠷ ᠤᠷᠤᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠡᠳ᠋ ᠤᠨ ᠶᠠᠪᠤᠳᠠᠯ ᠳᠤ ᠬᠢᠨᠠᠯᠳᠠ ᠲᠠᠯᠪᠢᠨ᠎ᠠ᠃      5. ᠲᠦᠰᠦᠪ ᠤᠨ ᠪᠡᠯᠡ ᠮᠦᠩᠬᠦᠨ ᠤ ᠬᠠᠮᠢᠶᠠᠷᠤᠯᠳᠠ ᠶᠢᠨ ᠠᠷᠭ᠎ᠠ ᠲᠦᠷᠢᠮ ᠢ ᠭᠡᠷᠡᠭᠵᠢᠬᠦᠯᠬᠦ ᠶᠢᠨ ᠬᠠᠮᠳᠤ ᠲᠦᠰᠦᠪ ᠤᠨ ᠭᠠᠳᠠᠨᠠᠬᠢ ᠪᠡᠯᠡ ᠮᠦᠩᠬᠦ ᠳᠤ ᠬᠢᠨᠠᠯᠳᠠ ᠪᠠ ᠬᠠᠮᠢᠶᠠᠷᠤᠯᠳᠠ ᠶᠠᠪᠤᠭᠤᠯᠵᠤ᠂ ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠪᠠ ᠰᠦᠢᠳᠭᠡᠯ ᠬᠤᠷᠢᠶᠠᠬᠤ ᠫᠢᠶᠤᠤ ᠪᠠᠷᠢᠮᠳᠠ ᠳᠤ ᠡᠳ᠋ ᠤᠨ ᠵᠠᠰᠠᠭ ᠤᠨ ᠬᠠᠮᠢᠶᠠᠷᠤᠯᠳᠠ ᠶᠠᠪᠤᠭᠤᠯᠤᠨ᠎ᠠ᠃      6 . ᠦᠷᠢ ᠦᠭᠴᠡᠭᠡᠨ ᠤ ᠬᠠᠮᠢᠶᠠᠷᠤᠯᠳᠠ ᠶᠢᠨ ᠲᠤᠬᠠᠢ ᠤᠯᠤᠰ ᠤᠷᠤᠨ ᠤ ᠴᠢᠭᠯᠡᠯᠳᠡ ᠲᠦᠷᠦ ᠶᠢᠨ ᠪᠤᠳᠤᠯᠭ᠎ᠠ ᠬᠢᠭᠡᠳ ᠲᠦᠷᠢᠮ ᠲᠤᠭᠳᠠᠭᠠᠯ ᠢ ᠭᠡᠷᠡᠭᠵᠢᠬᠦᠯᠵᠦ᠂ ᠭᠠᠳᠠᠭᠠᠳᠤ ᠶᠢᠨ ᠵᠢᠬᠡᠯᠡᠯᠬᠡ᠂ ᠲᠡᠯᠡᠬᠡᠢ ᠶᠢᠨ ᠮᠦᠩᠬᠦᠨ ᠬᠦᠢᠯᠬᠡᠬᠡᠨ ᠤ ᠵᠤᠬᠢᠶᠠᠨ ᠪᠠᠶᠢᠭᠤᠯᠤᠯᠳᠠ ᠶᠢᠨ ᠵᠢᠬᠡᠯᠡᠯᠬᠡ ᠶᠢᠨ ᠶᠡᠷᠦᠩᠬᠡᠶᠢᠯᠡᠭᠰᠡᠨ ᠬᠠᠮᠢᠶᠠᠷᠤᠯᠳᠠ ᠶᠢ ᠬᠠᠷᠢᠭᠤᠴᠠᠨ᠎ᠠ᠃      7. ᠵᠠᠰᠠᠭ ᠤᠨ ᠤᠷᠳᠤᠨ ᠤ ᠬᠤᠳᠠᠯᠳᠤᠨ ᠠᠪᠬᠤ ᠳᠤ ᠬᠢᠨᠠᠯᠳᠠ ᠲᠠᠯᠪᠢᠵᠤ᠂ ᠪᠦᠬᠦ ᠬᠤᠰᠢᠭᠤᠨ ᠤ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ ᠤᠨ ᠬᠠᠮᠢᠶᠠᠷᠤᠯᠳᠠ ᠶᠢᠨ ᠠᠷᠭ᠎ᠠ ᠪᠠ ᠭᠡᠷᠡᠭᠵᠢᠬᠦᠯᠬᠦ ᠠᠷᠭ᠎ᠠ ᠶᠢ ᠲᠤᠭᠳᠠᠭᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯᠯᠠᠭ᠎ᠠ ᠶᠢ ᠲᠦᠷᠢᠮᠵᠢᠬᠦᠯᠵᠦ᠂ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠶᠢ ᠦᠷᠭᠡᠳᠭᠡᠨ᠂ ᠠᠵᠤ ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ ᠢ ᠨᠡᠮᠡᠭᠳᠡᠬᠦᠯᠦᠨ᠎ᠡ᠃      8. ᠪᠦᠬᠦ ᠬᠤᠰᠢᠭᠤᠨ ᠤ ᠨᠢᠬᠳᠠᠯᠠᠨ ᠪᠤᠳᠤᠬᠤ ᠠᠵᠢᠯ ᠢ ᠬᠠᠮᠢᠶᠠᠷᠬᠤ ᠪᠠ ᠵᠢᠯᠤᠭᠤᠳᠴᠤ᠂ ᠨᠢᠬᠳᠠᠯᠠᠨ ᠪᠤᠳᠤᠬᠤ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂ ᠨᠢᠬᠳᠠᠯᠠᠨ ᠪᠤᠳᠤᠬᠤ ᠠᠵᠢᠯᠳᠠᠨ ᠤ ᠬᠠᠤᠯᠢ ᠶᠤᠰᠤᠭᠠᠷ ᠡᠬᠦᠷᠭᠡ ᠲᠤᠰᠢᠶᠠᠯ ᠢᠶᠠᠨ ᠭᠡᠷᠡᠭᠵᠢᠬᠦᠯᠬᠦ ᠶᠢ ᠪᠠᠳᠤᠯᠠᠨ᠎ᠠ︔ ᠨᠢᠬᠳᠠᠯᠠᠨ ᠪᠤᠳᠤᠭᠴᠢ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠳᠠ ᠪᠠ ᠴᠤᠯᠠ ᠲᠤᠭᠳᠠᠭᠠᠬᠤ ᠠᠵᠢᠯ ᠢ ᠬᠢᠨ᠎ᠡ᠃      9. ᠲᠡᠭᠡᠳᠦ ᠱᠠᠳᠤᠨ ᠤ ᠡᠳ᠋ ᠤᠨ ᠵᠠᠰᠠᠭ ᠤᠨ ᠰᠢᠨᠵᠢᠯᠡᠭᠡ ᠰᠤᠳᠤᠯᠭᠠᠨ ᠤ ᠲᠦᠯᠦᠪᠯᠡᠭᠡ ᠪᠠ ᠰᠤᠷᠭᠠᠨ ᠬᠦᠮᠦᠵᠢᠯ ᠤᠨ ᠲᠦᠯᠦᠪᠵᠢᠬᠦᠯᠬᠡ ᠶᠢ ᠭᠡᠷᠡᠭᠵᠢᠬᠦᠯᠵᠦ᠂ ᠡᠳ᠋ ᠤᠨ ᠵᠠᠰᠠᠭ ᠤᠨ ᠤᠨᠤᠯ ᠤᠨ ᠰᠤᠳᠤᠯᠭ᠎ᠠ ᠪᠠ ᠡᠳ᠋ ᠤᠨ ᠵᠠᠰᠠᠭ ᠤᠨ ᠦᠬᠡᠷᠡᠴᠢᠯᠡᠯᠳᠡ ᠶᠢᠨ ᠰᠤᠳᠤᠯᠭ᠎ᠠ ᠬᠢᠵᠦ᠂ ᠡᠳ᠋ ᠤᠨ ᠵᠠᠰᠠᠭ ᠤᠨ ᠡᠷᠬᠢᠯᠳᠦᠯ ᠤᠨ ᠪᠠᠶᠢᠳᠠᠯ ᠢ ᠲᠦᠰᠦᠪᠯᠡᠨ ᠵᠠᠳᠠᠯᠵᠤ᠂ ᠬᠤᠷᠸ᠎ᠠ ᠲᠤᠬᠢᠷᠠᠭᠤᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ︔ ᠪᠦᠬᠦ ᠬᠤᠰᠢᠭᠤᠨ ᠤ ᠡᠳ᠋ ᠤᠨ ᠵᠠᠰᠠᠭ ᠤᠨ ᠤᠬᠠᠭᠤᠯᠭ᠎ᠠ ᠬᠢᠬᠦ ᠪᠠ ᠡᠳ᠋ ᠤᠨ ᠵᠠᠰᠠᠭ ᠤᠨ ᠮᠡᠳᠡᠭᠡ ᠵᠠᠩᠬᠢ ᠲᠠᠮᠵᠢᠭᠤᠯᠬᠤ ᠠᠵᠢᠯ ᠢ ᠬᠠᠷᠢᠭᠤᠴᠠᠨ᠎ᠠ᠃      10. ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠡᠯ᠎ᠡ ᠲᠦᠷᠦᠯ ᠤᠨ ᠴᠢᠭᠯᠡᠯᠳᠡ ᠲᠦᠷᠦ ᠶᠢᠨ ᠪᠤᠳᠤᠯᠭ᠎ᠠ᠂ ᠬᠠᠤᠯᠢ ᠲᠦᠷᠢᠮ ᠢ ᠭᠡᠷᠡᠭᠵᠢᠬᠦᠯᠦᠭᠰᠡᠨ ᠪᠠᠶᠢᠳᠠᠯ ᠳᠤ ᠬᠢᠨᠠᠯᠳᠠ ᠲᠠᠯᠪᠢᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠶᠢᠨ ᠲᠤᠮᠳᠠᠬᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠲᠤᠰᠬᠠᠵᠤ᠂ ᠡᠳ᠋ ᠤᠨ ᠵᠠᠰᠠᠭ ᠤᠨ ᠬᠠᠮᠢᠶᠠᠷᠤᠯᠳᠠ ᠶᠢ ᠴᠢᠩᠭᠠᠳᠬᠠᠬᠤ ᠰᠢᠢᠳᠪᠦᠷᠢᠳᠦ ᠰᠠᠨᠠᠭᠤᠯᠭ᠎ᠠ ᠶᠢ ᠲᠤᠷᠠᠳᠤᠨ᠎ᠠ᠃      11. ᠲᠡᠭᠡᠳᠦ ᠱᠠᠳᠤᠨ ᠤ ᠡᠳ᠋ ᠤᠨ ᠵᠠᠰᠠᠭ ᠬᠢᠭᠡᠳ ᠬᠤᠰᠢᠭᠤ ᠨᠠᠮ ᠵᠠᠰᠠᠭ ᠤᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠬᠦᠢᠴᠡᠳᠭᠡᠨ᠎ᠡ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号