9 ᠳ᠋ᠤᠭᠡᠷ ᠰᠠᠷ᠎ᠠ ᠶᠢᠨ 26 ᠤ ᠡᠳᠦᠷ᠂ ᠮᠠᠨ ᠤ ᠬᠤᠰᠢᠭᠤ ᠢᠯᠴᠢ ᠬᠠᠩᠭᠠᠬᠤ ᠦᠢᠯᠡᠴᠢᠯᠡᠭᠡᠨ ᠤ | ︽ᠵᠠᠭᠠᠯᠳᠤᠭᠲᠠᠬᠤ ᠥᠭᠡᠢ ᠪᠠᠷ ᠤᠷᠢᠲᠠᠪᠡᠷ ᠰᠢᠢᠳᠪᠦᠷᠢᠯᠡᠬᠦ︾ ᠠᠵᠢᠯ ᠤᠨ ᠲᠣᠬᠢᠷᠠᠭᠤᠯᠤᠯᠲᠠ ᠶᠢᠨ ᠬᠤᠷᠠᠯ | ᠬᠤᠷᠠᠯᠳᠤᠵᠤ᠂ ᠢᠯᠴᠢ ᠬᠠᠩᠭᠠᠬᠤ ᠠᠵᠢᠯ ᠢ ᠳᠠᠬᠢᠨ ᠲᠤᠬᠢᠷᠠᠭᠤᠯᠤᠨ ᠪᠠᠶᠢᠷᠢᠯᠠᠭᠤᠯᠵᠤ᠂ ᠬᠤᠰᠢᠭᠤ | ᠳᠡᠳ᠋ ᠳᠠᠷᠤᠭ᠎ᠠ ᠵᠣᠣ ᠯᠢ ᠴᠢᠶᠠᠩ ᠬᠤᠷᠠᠯ ᠳᠤ ᠣᠷᠣᠯᠴᠠᠪᠠ᠃ | ᠬᠤᠷᠠᠯ ᠠᠴᠠ᠂ ᠢᠯᠴᠢ ᠬᠠᠩᠭᠠᠬᠤ ᠦᠢᠯᠡᠴᠢᠯᠡᠭᠡᠨ ᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ | ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠣᠷᠣᠨ ᠰᠠᠭᠤᠴᠠ ᠪᠠ ᠬᠤᠲᠠ ᠬᠥᠲᠡᠭᠡᠨ ᠤ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ ᠨᠢ ᠬᠡᠰᠡᠭ ᠲᠤᠭᠤᠷᠢᠭ ᠢ | ᠳᠠᠭᠠᠭᠠᠴᠢᠯᠠᠬᠤ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠡᠨ ᠠᠯᠢ ᠬᠡᠰᠡᠭ | ᠲᠤᠭᠤᠷᠢᠭ ᠢ ᠳᠠᠭᠠᠭᠠᠴᠢᠯᠠᠪᠠᠯ᠂ ᠬᠡᠨ ᠬᠠᠷᠢᠭᠤᠴᠠᠬᠤ ᠬᠠᠮᠢᠶᠠᠷᠤᠯᠲᠠ ᠶᠢᠨ ᠵᠠᠭᠪᠤᠷ ᠢᠶᠠᠷ ᠰᠠᠨᠠᠭᠠᠴᠢᠯᠠᠭ᠎ᠠ ᠠᠴᠠ ᠪᠠᠨ | ᠤᠷᠢᠳᠠᠪᠠᠷ ᠦᠢᠯᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠪᠥᠬᠦ ᠬᠡᠯᠬᠢᠶ᠎ᠡ ᠶᠢ ᠠᠭᠤᠰᠤᠯᠴᠠᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠲᠤᠯᠠᠭᠠᠯᠭ᠎ᠠ ᠶᠢᠨ | ᠢᠨᠵᠧᠨᠧᠷᠢᠩ ᠢ ᠠᠬᠢᠭᠤᠯᠬᠤ︾ ᠴᠢᠨᠠᠷ ᠰᠠᠶᠢᠲᠠᠢ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠳᠤ | ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠤᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ | ᠭᠡᠰᠠᠨ ᠪᠠᠶᠢᠨ᠎ᠠ᠃ | ᠮᠠᠨ ᠤ ᠬᠤᠰᠢᠭᠤ ︽ᠬᠤᠲᠠ ᠪᠠᠯᠭᠠᠰᠤᠨ ᠤ ᠢᠯᠴᠢ ᠬᠠᠩᠭᠠᠬᠤ ᠳᠤ ᠲᠥᠬᠦᠮ ᠦᠵᠡᠭᠦᠯᠬᠦ ᠤᠶᠢᠯᠡᠴᠢᠯᠡᠭᠡᠨ ᠤ | ᠬᠠᠷᠢᠯᠴᠠᠬᠤ ᠤᠲᠠᠰᠤ︾ ᠶᠢ ᠨᠢᠭᠡᠨᠲᠡ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠰᠠᠭᠤᠭᠠᠯᠢ ᠲᠣᠭᠤᠷᠢᠭ ᠤᠨ | ᠠᠳᠠᠯ ᠠᠬᠤᠶ ᠶᠢᠨ ᠣᠯᠠᠨ ᠨᠡᠶᠢᠲᠡ ᠶᠢᠨ ᠲᠠᠪᠴᠠᠩ ᠵᠡᠷᠭᠡ ᠮᠡᠲᠡᠭᠡ ᠲᠠᠪᠴᠠᠩ ᠢᠶᠠᠷ ᠳᠠᠮᠵᠢᠭᠤᠯᠤᠨ ᠨᠠᠶᠢᠭᠡᠮ ᠳᠤ | ᠨᠠᠶᠢᠲᠡᠯᠠᠨ ᠡᠯ᠎ᠡ ᠰᠠᠭᠤᠭᠠᠯᠢ ᠲᠣᠭᠤᠷᠢᠭ ᠨᠢᠭᠡᠴᠡ ᠶᠢᠨ ᠢᠯᠡ ᠭᠠᠵᠠᠷ ᠲᠤ ᠨᠠᠭᠠᠵᠤ᠂ ᠰᠠᠭᠤᠭᠠᠯᠢ ᠠᠷᠠᠳ ᠤᠨ ᠢᠯᠴᠢ | ᠬᠠᠩᠭᠠᠬᠤ ᠬᠦᠰᠡᠯ ᠱᠠᠭᠠᠷᠳᠠᠯᠭ᠎ᠠ ᠶᠢ ᠲᠡᠷᠡ ᠳᠠᠷᠤᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠪᠠᠶᠢᠨ᠎ᠠ᠃ | ᠮᠠᠨᠲᠠᠯᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠶᠢᠭᠡᠮ ᠲᠣᠭᠤᠷᠢᠭ ᠵᠢᠴᠢ ᠬᠤᠰᠢᠭᠤ | ᠣᠷᠣᠨ ᠰᠠᠭᠤᠴᠠ ᠪᠠ ᠬᠤᠲᠠ ᠬᠥᠲᠡᠭᠡᠨ ᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠢᠯᠴᠢ ᠬᠠᠩᠭᠠᠬᠤ | ᠺᠣᠮᠫᠠᠨᠢ᠂ ᠡᠯ᠎ᠡ ᠠᠳᠠᠯ ᠠᠬᠤᠶ ᠶᠢᠨ ᠺᠣᠮᠫᠠᠨᠢ ᠶᠢᠨ ᠭᠤᠤᠯ ᠬᠠᠷᠢᠭᠤᠴᠠᠯᠭᠠᠲᠠᠤᠨ ᠬᠤᠷᠠᠯ ᠳᠤ ᠣᠷᠣᠯᠴᠠᠵᠠᠶ᠃ |