︽ᠴᠠᠭ ᠤᠷᠲᠤᠳᠬᠠᠬᠤ ᠦᠢᠯᠡᠴᠢᠯᠡᠭᠡ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠤᠯᠠᠨ ᠲᠦᠮᠡᠨᠴᠢ ᠪᠣᠯᠭᠠᠪᠠ
ᠨᠡᠶᠢᠲᠡᠯᠡᠭᠰᠡᠨ ᠴᠠᠭ᠄
2024/9/30
   ᠣᠶᠢᠷ᠎ᠠ ᠳᠤ᠂ ᠣ ᠠᠪᠠᠭ᠋ᠠᠶ ᠬᠤᠰᠢᠭᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠣᠩᠬᠤᠨ ᠳᠤ ᠬᠦᠷᠴᠦ ᠡᠵᠡᠩᠨᠡᠯᠲᠡ ᠶᠢᠨ ᠦᠨᠡᠮᠯᠡᠯ ᠢᠶᠠᠨ ᠭᠦᠢᠴᠡᠳᠬᠡᠪᠡ᠃ ᠲᠤᠬᠠᠶ ᠶᠢᠨ ᠦᠶ᠎ᠡ ᠳᠤ ᠨᠢᠭᠡᠨᠲᠡ ᠠᠵᠢᠯ ᠠᠴᠠ ᠪᠠᠭᠤᠬᠤ ᠴᠠᠭ ᠪᠣᠯᠵᠣ᠂ ᠴᠣᠩᠬᠤᠨ ᠤ ᠠᠵᠢᠯᠲᠠᠳ ᠣ ᠠᠪᠠᠭ᠋ᠠᠶ ᠶᠢ ᠪᠣᠷᠣᠭᠠᠨ ᠳᠤᠮᠳᠠᠭᠤᠷ ᠶᠠᠭᠠᠷᠠᠤ ᠰᠠᠨᠳᠤᠷᠤᠤ ᠬᠦᠷᠴᠦ ᠢᠷᠡᠬᠦ ᠶᠢ ᠣᠯᠵᠤ ᠦᠵᠡᠭᠡᠳ ᠰᠠᠨᠠᠭᠠᠴᠢᠯᠠᠭ᠎ᠠ ᠠᠴᠠ ᠪᠠᠨ ᠴᠠᠭ ᠤᠷᠲᠤᠳᠬᠠᠬᠤ ᠤᠶᠢᠯᠡᠴᠢᠯᠡᠭᠡ ᠬᠠᠩᠭᠠᠨ᠂ ᠣ ᠠᠪᠠᠭ᠋ᠠᠶ ᠬᠤᠯᠪᠣᠭᠳᠠᠯ ᠪᠥᠬᠦᠶ ᠮᠠᠲ᠋ᠧᠷᠢᠶᠠᠯ ᠢ ᠲᠠᠭᠯᠠᠨ ᠪᠢᠴᠢᠵᠦ᠂ ᠰᠦᠯᠵᠢᠶᠡᠨ ᠳᠡᠭᠡᠷ᠎ᠡ ᠮᠡᠳᠡᠭᠡ ᠵᠠᠩᠭᠢ ᠣᠷᠣᠭᠤᠯᠬᠤ ᠶᠢᠨ ᠬᠠᠮᠲᠤ ᠠᠷᠤ ᠲᠠᠪᠴᠠᠩ ᠤᠨ ᠬᠢᠨᠠᠨ ᠵᠥᠪᠰᠢᠶᠡᠷᠡᠬᠦ ᠠᠵᠢᠯᠲᠠᠳ ᠲᠠᠢ ᠬᠤᠯᠪᠣᠭᠠᠯᠠᠨ ᠬᠥᠳᠡᠯᠦᠯᠴᠡᠬᠦ ᠤᠶᠢᠯᠡᠴᠢᠯᠡᠭᠡ ᠬᠢᠵᠦ᠂ ᠡᠵᠡᠩᠨᠡᠯᠲᠡ ᠶᠢᠨ ᠦᠨᠡᠮᠯᠡᠯ ᠤᠨ ᠬᠠᠮᠢᠶ᠎ᠠ ᠪᠥᠬᠦᠶ ᠭᠠᠷᠳᠠᠮ ᠢ ᠪᠦᠲᠦᠮᠵᠢᠲᠡᠶ ᠪᠠᠷ ᠭᠦᠢᠴᠡᠳᠬᠡᠵᠦ ᠳᠠᠭᠤᠰᠬᠠᠪᠠ᠃ ᠤ ᠠᠪᠠᠭ᠋ᠠᠶ ᠮᠠᠰᠢ ᠪᠠᠶᠠᠷᠲᠠᠶ ᠪᠠᠷ᠄ ︽ᠤᠤᠯ ᠨᠢ ᠲᠠᠯᠠᠭᠠᠷ ᠨᠢᠭᠡ ᠤᠳᠠᠭ᠎ᠠ ᠭᠦᠶᠤᠨ᠎ᠡ ᠭᠡᠵᠦ ᠪᠣᠳᠤᠵᠤ ᠪᠠᠶᠢᠭᠰᠠᠨ᠂ ᠲᠠᠨ ᠤ ᠠᠳᠡ ᠦᠳᠡ ᠶᠢᠨ ᠠᠮᠠᠷᠠᠯᠲᠠ ᠶᠢᠨ ᠴᠠᠭ ᠲᠤ ᠪᠠᠰᠠ ᠴᠠᠭ ᠨᠡᠮᠡᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠨ᠎ᠡ ᠭᠡᠵᠦ ᠪᠤᠳᠤᠵᠦ ᠤᠯᠤᠭᠰᠠᠨ ᠦᠭᠡᠢ᠃ ᠠᠵᠢᠯᠲᠠᠳ ᠴᠦ ᠮᠠᠰᠢ ᠬᠠᠯᠠᠭᠤᠮᠰᠤᠭ᠂ ᠲᠠ ᠨᠠᠷ ᠢ ᠮᠠᠭᠲᠠᠨ ᠰᠠᠶᠢᠰᠢᠶᠠᠵᠤ ᠪᠠᠶᠢᠨ᠎ᠠ︾ ᠭᠡᠵᠦ ᠬᠡᠯᠡᠪᠡ᠃ ᠡᠨᠡ ᠬᠦ ᠦᠵᠡᠭᠳᠡᠯ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠦᠷᠭᠦᠯᠵᠢ ᠡᠭᠦᠰᠴᠤ᠂ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠴᠠᠭ ᠢ ᠤᠷᠲᠤᠳᠬᠠᠬᠤ ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠠᠵᠢᠯ ᠠᠴᠠ ᠪᠠᠭᠤᠬᠤ ᠴᠠᠭ ᠢ ᠰᠠᠨᠠᠭᠠᠴᠢᠯᠠᠭ᠎ᠠ ᠠᠴᠠ ᠪᠠᠨ ᠤᠷᠲᠤᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠶᠢ ᠨᠠᠩ ᠰᠠᠶᠢᠲᠤᠷ ᠭᠦᠢᠴᠡᠳᠬᠡᠵᠦ᠂ ᠣᠯᠠᠨ ᠬᠥᠮᠦᠨ ᠤ ᠲᠤᠬᠠᠶᠢᠯᠠᠭᠰᠠᠨ ᠠᠵᠢᠯ ᠤᠨ ᠪᠠᠴᠢᠮ ᠱᠠᠭᠠᠷᠳᠠᠯᠭ᠎ᠠ ᠶᠢ ᠭᠦᠢᠴᠡᠳᠭᠡᠬᠦ ᠶᠢᠨ ᠲᠥᠯᠥᠭᠡ ᠴᠢᠷᠮᠠᠶᠢᠨ ᠠᠵᠢᠯᠯᠠᠨ᠎ᠠ᠃    ︽ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠶᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠡᠭᠦᠯᠤᠨ᠂ ᠠᠵᠢᠯ ᠤᠨ ᠡᠳᠦᠷ ᠲᠤ ᠥᠷᠯᠥᠭᠡ ᠦᠳᠡᠰᠢ ᠶᠢᠨ ᠴᠠᠭ ᠢ ᠤᠷᠲᠤᠳᠬᠠᠬᠤ ᠦᠢᠯᠡᠴᠢᠯᠡᠭᠡ ᠪᠠ ᠬᠤᠣᠰ ᠠᠮᠠᠷᠠᠯᠲᠠ ᠶᠢᠨ ᠡᠳᠦᠷ ᠲᠤ ᠪᠣᠯᠵᠣᠬᠤ ᠴᠢᠬᠤᠯᠠ ᠦᠭᠡᠢ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ᠂ ︽5 + 2︾ ᠪᠦᠬᠦᠯᠢ ᠡᠳᠦᠷ ᠤᠨ ᠬᠡᠪᠰᠢᠭᠰᠡᠨ ᠦᠢᠯᠡᠴᠢᠯᠡᠭᠡᠨ ᠤ ᠲᠣᠭᠲᠠᠴᠠ ᠶᠢ ᠠᠮᠵᠢᠯᠲᠠ ᠲᠠᠢ ᠪᠠᠷ ᠪᠠᠶᠢᠭᠤᠯᠪᠠ᠃ ᠡᠨᠡᠬᠦ ᠠᠷᠭ᠎ᠠ ᠬᠡᠮᠵᠢᠶ᠎ᠡ ᠨᠢ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠠᠮᠠᠯᠠᠯᠲᠠ ᠪᠣᠯᠤᠨ ᠪᠣᠳᠠᠲᠤ ᠠᠵᠢᠯᠯᠠᠭ᠎ᠠ ᠶᠢ ᠭᠦᠢᠴᠡᠳ ᠢᠯᠡᠷᠡᠭᠦᠯᠵᠦ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号