9 ᠳ᠋ᠤᠭᠡᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ 2024 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ᠵᠢᠴᠢ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ ᠬᠤᠰᠢᠭᠤ ᠨᠠᠮ ᠤᠨ | ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ ᠡᠷᠬᠢᠯᠠᠵᠤ ᠶᠠᠷᠢᠶ᠎ᠠ ᠲᠠᠯᠪᠢᠵᠠᠶ᠃ | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠴᠢᠭᠯᠡᠭᠦᠯᠦᠨ ᠳᠤᠷᠠᠳᠤᠭᠰᠠᠨ ᠠᠯᠤᠰ | ᠬᠡᠳᠤ ᠶᠢᠨ ᠪᠤᠳᠤᠯᠭ᠎ᠠ᠂ ᠦᠨᠳᠦᠰᠦ ᠶᠢ ᠪᠠᠬᠢᠵᠢᠭᠦᠯᠬᠦ ᠠᠷᠭ᠎ᠠ ᠪᠤᠳᠤᠯᠭ᠎ᠠ ᠪᠣᠯᠤᠨ᠎ᠠ᠃ ᠪᠥᠬᠦ ᠬᠤᠰᠢᠭᠤᠨ ᠤ | ᠳᠡᠭᠡᠳᠦ ᠳᠤᠤᠷᠠᠳᠤ ᠱᠠᠲᠤ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠭᠤᠤᠯ ᠱᠤᠭᠤᠮ ᠤᠨ ᠲᠣᠭᠤᠷᠢᠨ ᠳᠤ᠂ ᠨᠠᠮ ᠤᠨ ᠱᠤᠭᠤᠮ ᠴᠢᠭᠯᠡᠯᠲᠡ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠲᠠᠪᠤ ᠶᠢ ᠮᠡᠳᠡᠷᠡᠬᠦ︾ ︽ᠳᠥᠷᠪᠡ ᠶᠢ ᠬᠠᠮᠲᠤᠳᠬᠠᠬᠤ︾ ᠶᠢ | ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ | ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠡᠷᠬᠢᠯᠡᠬᠦ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠬᠠᠷᠠᠯᠲᠠ ᠡᠭᠦᠷᠭᠡ ᠶᠢ ᠤᠷᠢᠳᠴᠢᠯᠠᠨ ᠲᠥᠯᠥᠪᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠳᠦᠭᠡᠨ | ᠪᠠᠶᠢᠭᠤᠯᠤᠯᠲᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠮᠤᠷ ᠲᠦᠪᠰᠢᠨ ᠲᠣᠭᠲᠠᠭᠤᠨ ᠢ | ᠬᠠᠮᠠᠭᠠᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤᠪᠠᠷ ᠡᠳ᠋ᠯᠡᠭᠦᠯᠵᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ᠂ ᠲᠥᠪᠯᠡᠩᠭᠦᠢ | ᠬᠦᠴᠦᠨ ᠢ ᠦᠨᠡᠨᠬᠦ ᠴᠢᠩᠭᠠᠳᠬᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ | ᠣᠷᠣᠯᠴᠠᠵᠠᠶ᠃ |