2 ᠰᠠᠷ᠎ᠠ ᠶᠢᠨ 6 ᠤ ᠡᠳᠦᠷ᠂ ᠰᠠᠶᠢᠬᠠᠠᠭᠤᠪᠢ ᠰᠤᠮᠤ 2024 ᠤᠨ ᠤ ᠨᠠᠮ ᠤᠨ ᠬᠡᠰᠢᠬᠦᠨ ᠤᠳᠤᠷᠢᠳᠬᠤ | ᠺᠠᠳ᠋ᠷᠴᠤᠳ ᠤᠨ ᠠᠷᠠᠳᠴᠢᠯᠠᠯ ᠠᠮᠢᠳᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠳᠤᠯᠤᠳᠤᠭᠠᠷ | ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠠᠩ ᠵᠢᠢ ᠳ᠋ᠦᠩ᠂ ᠬᠡᠰᠢᠬᠦᠨ ᠰᠤᠷᠭᠤᠭ ᠬᠤᠷᠠᠯ ᠳᠤ | ᠤᠷᠤᠯᠴᠠᠵᠤ ᠵᠢᠭᠠᠨ ᠵᠢᠯᠤᠭᠤᠳᠪᠠ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠬᠤᠷᠴᠠ ᠡᠷᠬᠢᠯᠡᠪᠡ᠃ | ᠬᠤᠷᠠᠯ ᠠᠴᠠ ᠡᠮᠦᠨ᠎ᠡ᠂ ᠠᠷᠠᠳᠴᠢᠯᠠᠯ ᠠᠮᠢᠳᠤᠷᠠᠯ ᠤᠨ ᠬᠤᠷᠠᠯ ᠤᠨ ᠭᠤᠤᠯ ᠰᠡᠳᠤᠪ ᠤᠨ ᠲᠤᠭᠤᠷᠢᠨ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠤᠯᠤᠨ ᠨᠠᠮ ᠤᠨ ᠬᠤᠷᠢᠳᠤᠭᠠᠷ ᠬᠤᠭᠤᠴᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ | ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠨᠠᠷᠢᠨ ᠨᠢᠮᠪᠠᠢ ᠵᠤᠬᠢᠶᠠᠨ ᠪᠠᠶᠢᠭᠤᠯᠵᠤ ᠰᠤᠷᠤᠯᠴᠠᠨ | ᠰᠤᠳᠤᠯᠤᠨ ᠶᠠᠷᠢᠯᠴᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠦᠷᠬᠡᠨ ᠢᠶᠠᠷ ᠬᠤᠷᠢᠶᠠᠵᠤ᠂ ᠰᠡᠳᠬᠢᠯ ᠤᠨ | ᠦᠬᠡ ᠪᠠᠨ ᠶᠠᠷᠢᠯᠴᠠᠬᠤ ᠶᠢ ᠬᠦᠨᠵᠡᠬᠡᠢ ᠦᠷᠨᠢᠬᠦᠯᠵᠤ᠂ ᠳᠦᠷᠪᠡᠨ ᠲᠠᠯ᠎ᠠ ᠪᠠᠷ ᠲᠦᠷᠦᠬᠦᠯᠡᠨ ᠳᠤᠪᠤᠶᠢᠮ᠎ᠠ | ᠠᠰᠠᠭᠤᠳᠠᠯ ᠢ ᠬᠦᠨᠵᠬᠡᠢ ᠪᠠᠶᠢᠴᠠᠭᠠᠨ ᠳᠡᠯᠬᠡᠵᠤ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠢ | ᠳᠤᠭᠤᠷᠪᠢᠨ ᠪᠢᠴᠢᠵᠤ᠂ ᠡᠯ᠎ᠡ ᠵᠤᠶᠢᠯ ᠤᠨ ᠪᠡᠯᠡᠳᠬᠡᠯ ᠠᠵᠢᠯ ᠢ ᠯᠠᠪᠳᠠᠭᠤᠨ ᠪᠠᠳᠤᠳᠠᠢ ᠰᠠᠶᠢᠲᠤᠷ ᠬᠢᠵᠤ᠂ | ᠠᠷᠠᠳᠴᠢᠯᠠᠯ ᠠᠮᠢᠳᠤᠷᠠᠯ ᠤᠨ ᠬᠤᠷᠠᠯ ᠢ ᠰᠠᠶᠢᠳᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠦᠭᠴᠡᠢ᠃ | ᠬᠤᠷᠠᠯ ᠠᠴᠠ 2023 ᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠲᠤ | ᠠᠷᠠᠳᠴᠢᠯᠠᠯ ᠠᠮᠢᠳᠤᠷᠠᠯ ᠤᠨ ᠬᠤᠷᠠᠯ ᠤᠨ ᠪᠠᠶᠢᠴᠠᠭᠠᠨ ᠳᠡᠯᠭᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠵᠤ᠂ ᠬᠤᠷᠴᠠ ᠨᠦᠬᠦᠷ ᠤᠳᠤᠷᠢᠳᠬᠤ ᠪᠠᠭ ᠢ ᠲᠦᠯᠦᠬᠡᠯᠡᠨ | ᠬᠠᠷᠭᠤᠭᠤᠯᠤᠨ ᠪᠠᠶᠢᠴᠠᠭᠠᠯᠲᠠ ᠬᠢᠭᠰᠡᠨ ᠪᠦᠬᠡᠳ ᠲᠦᠷᠦᠬᠦᠯᠡᠨ ᠬᠤᠪᠢ ᠬᠦᠮᠦᠨ ᠤ ᠬᠠᠷᠭᠤᠭᠤᠯᠤᠨ ᠪᠠᠶᠢᠴᠠᠭᠠᠯᠲᠠ | ᠬᠢᠵᠤ᠂ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠰᠠᠨᠠᠭᠠᠴᠢᠯᠠᠭ᠎ᠠ ᠠᠴᠠ ᠪᠠᠨ ᠰᠢᠬᠦᠮᠵᠢᠯᠡᠯ ᠢ | ᠬᠦᠯᠢᠶᠡᠪᠡ᠃ ᠳᠠᠷᠠᠭ᠎ᠠ ᠨᠢ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢᠬᠡᠳ ᠨᠢᠬᠡ ᠪᠠᠷ ᠬᠠᠷᠭᠤᠭᠤᠯᠤᠨ | ᠪᠠᠶᠢᠴᠠᠭᠠᠵᠤ᠂ ᠬᠤᠪᠢ ᠪᠡᠶ᠎ᠡ ᠠᠴᠠ ᠪᠠᠨ ᠠᠰᠠᠭᠤᠳᠠᠯ ᠡᠷᠢᠨ ᠦᠪᠡᠷ ᠤᠨ ᠪᠡᠶ᠎ᠡ ᠪᠠᠷ ᠢᠶᠠᠨ ᠬᠤᠪᠢᠰᠬᠠᠯ ᠬᠢᠬᠦ ᠵᠤᠷᠢᠭ | ᠰᠠᠨᠠᠭ᠎ᠠ ᠪᠠᠷ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠨᠠᠷᠢᠨ ᠬᠢᠨᠠᠮᠠᠭᠠᠢ ᠦᠷᠨᠢᠬᠦᠯᠵᠦ᠂ ᠦᠵᠡᠯ ᠰᠠᠨᠠᠭ᠎ᠠ ᠪᠠᠨ | ᠨᠢᠬᠡᠳᠬᠡᠬᠦ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠬᠤ᠂ ᠴᠢᠭᠯᠡᠯ ᠢᠶᠠᠨ ᠳᠤᠳᠤᠷᠬᠠᠶᠢᠯᠠᠬᠤ᠂ ᠪᠦᠯᠬᠦᠮᠳᠡᠯ | ᠢᠶᠠᠨ ᠴᠢᠩᠭᠠᠳᠬᠠᠬᠤ ᠵᠤᠷᠢᠯᠭ᠎ᠠ ᠳᠠᠭᠠᠨ ᠬᠦᠷᠴᠡᠢ᠃ | ᠵᠠᠩ ᠵᠢᠢ ᠳ᠋ᠦᠩ ᠲᠤᠰ ᠤᠳᠠᠭ᠎ᠠ ᠶᠢᠨ ᠠᠷᠠᠳᠴᠢᠯᠠᠯ ᠠᠮᠢᠳᠤᠷᠠᠯ ᠤᠨ ᠬᠤᠷᠠᠯ ᠢ ᠬᠦᠢᠴᠡᠳ ᠨᠤᠲᠠᠯᠠᠵᠤ᠂ | ᠲᠤᠰ ᠤᠳᠠᠭ᠎ᠠ ᠶᠢᠨ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠯᠠᠪᠳᠠᠭᠤᠨ ᠪᠠᠲᠤᠲᠠᠢ | ᠬᠦᠢᠴᠡᠳ᠂ ᠠᠰᠠᠭᠤᠳᠠᠯ ᠢ ᠪᠦᠬᠦ ᠲᠠᠯ᠎ᠠ ᠪᠠᠷ ᠬᠦᠨᠵᠡᠬᠡᠢ ᠪᠠᠶᠢᠴᠠᠭᠠᠨ ᠳᠡᠯᠬᠡᠵᠤ᠂ ᠲᠦᠪ ᠴᠢᠩᠭ᠎ᠠ ᠨᠠᠷᠢᠨ ᠬᠢᠨᠠᠮᠠᠭᠠᠢ | ᠰᠢᠬᠦᠮᠵᠢᠯᠡᠯ ᠦᠷᠨᠢᠬᠦᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠦᠨᠵᠡᠬᠡᠢ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠤᠳᠠᠳᠠᠢ ᠶᠢ ᠡᠷᠬᠢᠮᠯᠡᠨ ᠳᠤᠳᠤᠷᠬᠠᠢ ᠪᠠᠶᠢᠵᠤ᠂ ᠰᠤᠮᠤᠨ ᠤ ᠤᠳᠤᠷᠢᠳᠬᠤ ᠪᠠᠭ | ᠤᠨ ᠪᠠᠶᠢᠭᠤᠯᠤᠯᠲᠠ ᠶᠢ ᠴᠢᠩᠭᠠᠳᠬᠠᠬᠤ ᠵᠢᠱᠢᠭᠰᠡᠨ ᠦᠷ᠎ᠡ ᠪᠦᠲᠦᠮᠵᠢ ᠳᠤ ᠬᠦᠷᠴᠡᠢ ᠬᠡᠵᠤ ᠦᠵᠡᠪᠡ᠃ ᠡᠬᠦᠨ ᠤ | ᠬᠠᠮᠲᠤ᠂ ᠤᠨᠤᠯ ᠢᠶᠠᠷ ᠵᠡᠪᠰᠡᠭᠯᠡᠬᠦ ᠶᠢ ᠦᠷᠬᠦᠯᠵᠢᠯᠡᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ | ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ︽ᠨᠢᠭᠡᠳᠤᠭᠡᠷ ᠵᠦᠪᠯᠡᠬᠦ ᠰᠡᠳᠤᠪ︾᠂ ᠤᠨᠤᠯ ᠰᠤᠷᠤᠯᠴᠠᠬᠤ | ᠭᠤᠤᠯ ᠳᠤᠭᠤᠶᠢᠯᠠᠩ ᠤᠨ ᠰᠤᠷᠤᠯᠴᠠᠬᠤ ᠳᠦᠷᠢᠮ ᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠠᠰᠠᠭᠤᠳᠠᠯ | ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠰᠤᠮᠤᠨ ᠤ ᠠᠵᠢᠯ ᠤᠨ | ᠪᠤᠳᠠᠳᠤ ᠪᠠᠶᠢᠳᠠᠯ ᠪᠠ ᠲᠤᠰ ᠤᠳᠠᠭᠠᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠪᠠᠶᠢᠴᠠᠭᠠᠨ ᠢᠯᠡᠷᠡᠭᠦᠯᠦᠭᠰᠡᠨ | ᠠᠰᠠᠭᠤᠳᠠᠯ ᠲᠠᠢ ᠤᠶᠠᠯᠳᠤᠭᠤᠯᠤᠨ᠂ ᠪᠠᠷᠢᠨ ᠬᠡᠷᠡᠭᠵᠢᠭᠦᠯᠵᠤ ᠪᠠᠷᠢᠨ ᠰᠠᠶᠢᠵᠢᠷᠠᠭᠤᠯᠵᠤ᠂ ᠪᠤᠳᠠᠳᠠᠢ ᠶᠢ ᠡᠷᠬᠢᠮᠯᠡᠨ | ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠬᠡᠪᠡ᠃ | ᠰᠤᠮᠤᠨ ᠤ ᠨᠠᠮ ᠤᠨ ᠬᠤᠷᠢᠶᠠᠨ ᠤ ᠱᠦᠵᠢ ᠬᠤᠷᠴᠠ ᠤᠳᠤᠷᠢᠳᠬᠤ ᠪᠠᠭ ᠢᠶᠠᠨ ᠲᠦᠯᠦᠬᠡᠯᠡᠨ ᠤᠪᠤᠷ ᠢᠶᠠᠨ | ᠢᠯᠡᠳᠬᠡᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ | ᠵᠤᠷᠢᠭ ᠰᠠᠨᠠᠭ᠎ᠠ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠦᠮᠦᠵᠢᠯ ᠤᠨ ᠦᠷ᠎ᠡ ᠪᠦᠲᠦᠬᠡᠯ ᠢ ᠪᠠᠬᠢᠵᠢᠬᠦᠯᠬᠦ ᠲᠠᠢ ᠬᠦᠨᠵᠡᠬᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ | ᠶᠢ ᠰᠤᠷᠤᠯᠴᠠᠨ ᠰᠤᠳᠤᠯᠬᠤ ᠶᠢ ᠦᠷᠬᠦᠯᠵᠢᠯᠡᠨ ᠬᠦᠨᠵᠡᠬᠡᠶᠢᠷᠡᠬᠦᠯᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠲᠤ | ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠡᠯ᠎ᠡ ᠵᠤᠶᠢᠯ ᠤᠨ ᠠᠵᠢᠯ ᠤᠨ ᠵᠦᠪ ᠤᠨᠤᠪᠴᠢᠲᠠᠢ ᠤᠯᠤᠰ ᠲᠦᠷᠦ ᠶᠢᠨ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠪᠡ᠃ ᠠᠰᠠᠭᠤᠳᠠᠯ ᠤᠨ ᠨᠠᠷᠢᠨ ᠳᠠᠩᠰᠠ ᠶᠢ ᠴᠢᠨᠠᠭᠰᠢᠳᠠ | ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ | ᠬᠢᠨᠠᠯᠲᠠ ᠶᠢ ᠦᠨᠡᠨᠴᠢ ᠪᠠᠷ ᠬᠦᠯᠢᠶᠡᠵᠤ᠂ ᠲᠠᠯ᠎ᠠ ᠪᠦᠷᠢ ᠶᠢ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠤᠯᠠᠨ | ᠲᠦᠮᠡᠨ ᠳᠤ ᠤᠪᠤᠷ ᠪᠠ ᠡᠷᠴᠢ ᠵᠤᠷᠢᠭ ᠢ ᠬᠠᠷᠠᠭᠤᠯᠵᠤ᠂ ᠠᠵᠢᠯᠯᠠᠭ᠎ᠠ ᠪᠠ ᠬᠤᠪᠢᠷᠠᠯᠲᠠ ᠶᠢ ᠬᠠᠷᠠᠭᠤᠯᠵᠤ ᠴᠢᠳᠠᠬᠤ | ᠬᠡᠷᠡᠭᠲᠠᠢ᠃ ︽ᠤᠳᠤᠬᠠᠨ ᠤ ᠴᠡᠭᠴᠡᠯᠡᠨ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠤᠲᠠᠲᠠᠢ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠰᠠᠶᠢᠲᠤᠷ ᠠᠳᠬᠤᠬᠤ ᠶᠢ ᠢᠮᠠᠭᠲᠠ ᠬᠠᠮᠤᠭ ᠤᠨ ᠶᠡᠭᠡ ᠠᠵᠢᠯ ᠤᠨ ᠪᠦᠲᠦᠮᠵᠢ ᠪᠤᠯᠭᠠᠵᠤ᠂ ᠨᠠᠮ ᠢ ᠴᠢᠩᠭ᠎ᠠ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠰᠠᠶᠢᠲᠤᠷ ᠡᠬᠦᠷᠬᠡᠯᠡᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ | ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ᠰᠠᠬᠢᠯᠭ᠎ᠠ ᠪᠠᠲᠤ ᠶᠢ | ᠬᠡᠷᠡᠭᠵᠢᠬᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠡᠳᠦᠷ ᠳᠤᠳᠤᠮ ᠤᠨ | ᠬᠢᠨᠠᠯᠲᠠ ᠶᠢ ᠴᠢᠩᠭᠠᠳᠬᠠᠵᠤ᠂ ᠰᠤᠷᠲᠠᠯ ᠴᠢᠭᠡᠴᠢ ᠤᠪᠤᠷ ᠲᠦᠪ ᠠᠵᠢᠯ ᠬᠢᠵᠤ ᠦᠢᠯᠡᠰ ᠪᠤᠰᠬᠠᠬᠤ ᠤᠷᠴᠢᠨ | ᠲᠤᠭᠤᠷᠢᠨ ᠢ ᠬᠦᠴᠦᠯᠡᠨ ᠪᠤᠢ ᠪᠤᠯᠭᠠᠵᠤ᠂ ᠪᠦᠬᠦ ᠰᠤᠮᠤᠨ ᠤ ᠡᠯ᠎ᠡ ᠵᠤᠶᠢᠯ ᠤᠨ ᠠᠵᠢᠯ ᠦᠢᠯᠡᠰ ᠢ ᠳᠠᠰᠤᠷᠠᠯᠲᠠ | ᠦᠬᠡᠢ ᠰᠢᠨ᠎ᠡ ᠰᠢᠪᠲᠤᠯᠤᠯᠲᠠ ᠲᠠᠢ ᠪᠤᠯᠭᠠᠬᠤ ᠶᠢ ᠬᠦᠴᠦᠯᠡᠨ ᠠᠬᠢᠭᠤᠯᠤᠨ᠎ᠠ ᠭᠡᠪᠡ᠃ | | |