ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠳᠡᠳ᠋ ᠲᠡᠷᠢᠭᠦᠯᠡᠭᠴᠢ  ᠠᠯᠲᠠᠨᠬᠤᠶᠠᠭ
ᠨᠡᠶᠢᠲᠡᠯᠡᠭᠰᠡᠨ ᠴᠠᠭ᠄
2025/3/10
     ᠠᠯᠲᠠᠨᠬᠤᠶᠠᠭ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 1 ᠰᠠᠷ᠎ᠠ ᠳᠤ ᠲᠦᠷᠦᠵᠠᠢ᠂ ᠡᠪ ᠬᠠᠮᠲᠤ ᠨᠠᠮ ᠤᠨ ᠭᠡᠰᠢᠭᠦᠨ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠳᠤ ᠰᠥᠨᠢᠳ ᠵᠡᠭᠦᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠳᠡᠳ᠋ ᠲᠡᠷᠢᠭᠦᠯᠡᠭᠴᠢ ᠲᠤᠰᠢᠶᠠᠯ ᠢ ᠬᠠᠷᠢᠭᠤᠴᠠᠵᠤ ᠪᠠᠶᠢᠨ᠎ᠠ᠃      ᠠᠵᠢᠯ ᠤᠨ ᠬᠤᠪᠢᠶᠠᠷᠢᠯᠠᠯ      ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢ ᠬᠠᠪᠰᠤᠷᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠲᠡᠦᠬᠡ ᠶᠢᠨ ᠺᠣᠮᠢᠰ᠂ ᠭᠡᠰᠢᠭᠦᠳ ᠲᠠᠢ ᠬᠠᠷᠢᠯᠴᠠᠬᠤ ᠠᠵᠢᠯ ᠤᠨ ᠺᠣᠮᠢᠰ ᠤᠨ ᠠᠵᠢᠯ ᠢ ᠬᠤᠪᠢᠳᠠᠨ ᠬᠠᠮᠢᠶᠠᠷᠤᠨ᠎ᠠ᠃ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠱᠠᠰᠢᠨ ᠰᠤᠷᠲᠠᠬᠤᠨ ᠪᠠ ᠬᠠᠷᠢᠶᠠᠲᠤ ᠨᠠᠷ ᠤᠨ ᠬᠤᠯᠪᠣᠭ᠎ᠠ᠂ ᠰᠣᠶᠣᠯ ᠤᠷᠠᠯᠢᠭ ᠪᠡᠶ᠎ᠡ ᠲᠠᠮᠢᠷ᠂ ᠠᠷᠠᠳ ᠤᠨ ᠪᠦᠯᠬᠦᠮ ᠤᠨ ᠬᠢᠨ ᠤ ᠭᠡᠰᠢᠭᠦᠳ ᠲᠠᠢ ᠬᠠᠷᠢᠯᠴᠠᠨ᠎ᠠ᠃ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ︵ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︶᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︵ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ︵ᠬᠤᠰᠢᠭᠤ ᠭᠠᠳᠠᠭᠠᠳᠤ ᠶᠠᠪᠤᠳᠠᠯ ᠤᠨ ᠠᠯᠪᠠᠨ ᠭᠡᠷ︶᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ᠂ ᠰᠢᠨᠬᠤᠸᠠ ᠨᠣᠮ ᠤᠨ ᠳᠡᠯᠭᠡᠭᠦᠷ ᠵᠡᠷᠭᠡ ᠪᠠᠶᠢᠭᠤᠯᠭ᠎ᠠ ᠨᠢᠭᠡᠴᠡ ᠲᠠᠢ ᠬᠠᠷᠢᠯᠴᠠᠨ᠎ᠠ᠃
 
ᠢᠷᠡᠯᠲᠡ᠄ ᠬᠤᠰᠢᠭᠤ ᠵᠠᠰᠠᠭ ᠤᠨ ᠤᠷᠳᠤᠨ  ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号