ᠽᠤᠤ ᠳᠤ ᠳᠡᠪᠲᠦᠭᠡᠭᠰᠡᠨ ᠰᠠᠷᠢᠮᠰᠠᠭ ᠢ ᠵᠤᠬᠢᠬᠤ ᠬᠡᠮᠵᠢᠶ᠎ᠡ ᠪᠠᠷ ᠢᠳᠡᠪᠡᠯ ᠬᠦᠮᠦᠨ ᠤ ᠪᠡᠶ᠎ᠡ ᠳᠤ ᠰᠠᠶᠢᠨ | ᠪᠠᠶᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃ | ᠽᠤᠤ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄ ᠽᠤᠤ ᠳᠤ ᠳᠡᠪᠲᠦᠭᠡᠭᠰᠡᠨ ᠰᠠᠷᠢᠮᠰᠠᠭ | ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ | ᠠᠷᠢᠭᠤᠳᠬᠠᠬᠤ ᠬᠤᠤᠷ ᠭᠠᠳᠠᠭᠰᠢᠯᠠᠭᠤᠯᠬᠤ ᠴᠢᠳᠠᠯ ᠲᠠᠢ ᠶᠤᠮ᠂ ᠦᠷᠬᠦᠯᠵᠢ ᠰᠠᠷᠢᠮᠰᠠᠭ ᠢᠳᠡᠪᠡᠯ ᠴᠢᠰᠦᠨ | ᠰᠤᠲᠠᠯ ᠢ ᠳᠡᠯᠡᠨ᠂ ᠪᠡᠶ᠎ᠡ ᠮᠠᠬᠠᠪᠤᠳ ᠤᠨ ᠳᠤᠳᠤᠭᠠᠳᠤ ᠳᠤ ᠪᠠᠶᠢᠭ᠎ᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ | ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ ᠪᠠᠭᠠᠰᠬᠠᠵᠤ᠂ ᠴᠢᠰᠦᠨ ᠳᠠᠷᠤᠯᠲᠠ ᠶᠢ ᠪᠠᠭᠤᠷᠠᠭᠤᠯᠬᠤ | ᠦᠷ᠎ᠡ ᠠᠰᠢᠭ ᠲᠠᠢ ᠪᠤᠯᠭᠠᠳᠠᠭ᠃ ᠽᠤᠤ ᠴᠢᠰᠤᠨ ᠰᠤᠳᠠᠯ ᠢ ᠵᠦᠭᠡᠯᠡᠷᠡᠭᠦᠯᠦᠨ᠎ᠡ᠂ ᠬᠡᠷᠪᠡ ᠼᠣ᠋ ᠳᠤ ᠳᠡᠪᠲᠦᠭᠡᠭᠰᠡᠨᠨ | ᠰᠠᠷᠢᠮᠰᠠᠭ ᠢ ᠦᠷᠬᠦᠯᠵᠢ ᠢᠳᠡᠭᠰᠡᠨ ᠤ ᠰᠡᠭᠦᠯᠡᠷ ᠴᠢᠰᠤᠨ ᠰᠤᠳᠠᠯ ᠢ ᠳᠡᠯᠡᠬᠦ ᠪᠠᠷ ᠪᠠᠷᠠᠬᠤ ᠦᠭᠡᠢ᠂ ᠪᠠᠰᠠ ᠴᠢᠰᠤᠨ | ᠰᠤᠳᠠᠯ ᠤᠨ ᠤᠶᠠᠨ ᠴᠢᠨᠠᠷ ᠢ ᠳᠡᠭᠡᠭᠰᠢᠯᠡᠭᠦᠯᠵᠦ᠂ ᠴᠢᠰᠤᠨ ᠳᠠᠷᠤᠯᠲᠠ ᠦᠨᠳᠦᠷ ᠪᠢᠰᠢ ᠪᠠᠶᠢᠳᠠᠯ ᠳᠤ ᠴᠢᠰᠤᠨ | ᠳᠠᠷᠤᠯᠲᠠ ᠶᠢ ᠪᠠᠭᠤᠷᠠᠭᠤᠯᠬᠤ ᠳᠤ ᠲᠤᠰᠠᠯᠠᠳᠠᠭ᠃ ᠲ᠊ᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ ᠵᠠᠰᠠᠵᠤ᠂ | ᠪᠡᠶ᠎ᠡ ᠴᠢᠬᠢᠷᠠᠭᠵᠢᠭᠤᠯᠬᠤ ᠦᠢᠯᠡᠳᠦᠯ ᠲᠠᠢ᠃ ᠬᠤᠭᠤᠯᠠᠢ ᠡᠪᠡᠳᠬᠦ ᠶᠢ ᠵᠠᠰᠠᠵᠤ᠂ ᠨᠦᠢᠷ ᠢ ᠰᠠᠶᠢᠵᠢᠷᠠᠭᠤᠯᠤᠨ᠎ᠠ᠃ | ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠶᠠᠳᠠᠷᠠᠯ ᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃ ᠴᠢᠰᠤ ᠶᠢ | ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃ ᠴᠢᠰᠤᠨ ᠤ ᠦᠭᠡᠬᠦ ᠶᠢ ᠪᠠᠭᠤᠷᠠᠭᠤᠯᠵᠤ ᠰᠢᠬᠢᠷ | ᠰᠢᠵᠢᠩ ᠡᠪᠡᠳᠴᠢᠨ ᠢ ᠰᠡᠷᠭᠡᠶᠢᠯᠡᠳᠡᠭ᠃ ᠪᠠᠺᠳ᠋ᠷᠢ ᠶᠢ ᠤᠰᠠᠳᠬᠠᠨᠨ᠂ ᠦᠷᠪᠢᠰᠤᠯ ᠢ ᠳᠠᠷᠤᠵᠤ᠂ ᠡᠪᠡᠳᠴᠢᠨ | ᠬᠠᠯᠳᠠᠪᠤᠷᠢᠯᠠᠬᠤ ᠶᠢ ᠰᠡᠷᠭᠡᠶᠢᠯᠡᠨ᠎ᠡ᠃ ᠰᠦᠰᠦᠨ ᠤ ᠴᠢᠯᠠᠭᠤᠯᠢᠭ ᠠᠯᠺᠦᠯ ᠢ ᠪᠠᠭᠤᠷᠠᠭᠤᠯᠤᠨ᠎ᠠ᠃ ᠦᠮᠠᠨ ᠢ | ᠰᠡᠷᠭᠡᠶᠢᠯᠡᠳᠡᠭ᠃ | ᠽᠤᠤ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄ ᠬᠦᠮᠦᠰ ᠽᠤᠤ ᠳᠤ ᠰᠠᠷᠢᠮᠰᠠᠭ | ᠳᠡᠪᠲᠦᠭᠡᠬᠦ ᠳᠤ ᠪᠠᠨ ᠳᠠᠪᠤᠰᠤ ᠠᠷᠪᠢᠨ ᠬᠢᠳᠡᠭ᠂ ᠲᠡᠷᠡᠴᠢᠯᠡᠨ ᠽᠤᠤ ᠳᠤ ᠳᠡᠪᠲᠦᠭᠡᠭᠰᠡᠨ ᠰᠠᠷᠢᠮᠰᠠᠭ ᠢᠶᠠᠨ | ᠳᠠᠪᠤᠰᠤᠯᠠᠭᠰᠠᠨ ᠨᠤᠭᠤᠭ᠎ᠠ ᠪᠠᠷ ᠡᠳᠦᠷ ᠪᠦᠷᠢ ᠮᠠᠰᠢ ᠠᠷᠪᠢᠨ ᠢᠳᠡᠳᠡᠭ᠃ ᠢᠩᠭᠢᠵᠦ ᠢᠳᠡᠬᠦ ᠨᠢ ᠰᠢᠨᠵᠢᠯᠡᠬᠦ | ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃ | ᠰᠠᠷᠢᠮᠰᠠᠭ ᠪᠤᠯ ᠭᠤᠰᠢᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ | ᠡᠪ ᠦᠭᠡᠢ ᠪᠠᠶᠢᠳᠠᠯ ᠳᠤ ᠤᠷᠤᠭᠤᠯᠳᠠᠭ᠃ ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ | ᠪᠠᠷᠠᠬᠤ ᠦᠭᠡᠢ ᠸᠢᠲ᠋ᠠᠮᠢᠨ b ᠶᠢᠨ ᠰᠢᠩᠭᠡᠭᠡᠯᠲᠡ ᠶᠢ ᠨᠦᠯᠦᠭᠡᠯᠡᠳᠡᠭ᠃ | ᠠᠩᠬᠠᠷᠤᠭᠤᠰᠢᠲᠠᠢ ᠵᠦᠢᠯ᠄ 1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ | ᠦᠵᠡᠭᠦᠯᠳᠡᠭ᠂ ᠲᠡᠭᠦᠨ ᠳᠤ ᠲᠦᠰᠢᠭᠯᠡᠵᠦ ᠪᠤᠯᠬᠤ ᠦᠭᠡᠢ᠃ 2. ᠽᠤᠤ ᠪᠠᠨ ᠪᠤᠴᠠᠯᠭᠠᠵᠤ ᠪᠤᠯᠬᠤ ᠦᠭᠡᠢ᠂ | ᠪᠤᠴᠠᠯᠭᠠᠪᠠᠯ ᠦᠢᠯᠡᠳᠦᠯ ᠪᠠᠭᠤᠷᠠᠳᠠᠭ᠃ 3. ᠽᠤᠤ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠢᠳᠡᠵᠦ | ᠪᠤᠯᠤᠨ᠎ᠠ᠂ ᠭᠡᠪᠡᠴᠦ ᠡᠳᠦᠷ ᠪᠦᠷᠢ ᠬᠡᠲᠤ ᠠᠷᠪᠢᠨ ᠢᠳᠡᠵᠦ ᠪᠤᠯᠬᠤ ᠦᠭᠡᠢ᠂ ᠨᠢᠭᠡ ᠠᠴᠠ ᠬᠤᠶᠠᠷ ᠰᠢᠳᠦ ᠢᠳᠡᠪᠡᠯ | ᠪᠤᠯᠴᠢᠬᠠᠨ᠎ᠠ᠃ ᠴᠡᠭᠡᠷ ᠬᠢᠭᠡᠳ ᠵᠠᠰᠠᠯ ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃ ᠨᠢᠳᠦᠨ ᠤ | ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃ ᠭᠠᠭᠴᠠ ᠲᠤᠯᠤᠭᠠᠶᠢᠲᠤ ᠰᠠᠷᠢᠮᠰᠠᠭ ᠤᠨ ᠰᠦᠮᠦᠰᠦ ᠶᠢ | ᠬᠠᠮᠠᠷ ᠲᠤ ᠪᠠᠨ ᠳᠤᠰᠤᠭᠠᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃ ᠰᠠᠷᠢᠮᠰᠠᠭ ᠢ ᠬᠡᠷᠴᠢᠭᠡᠳ ᠴᠠᠢ ᠪᠠᠷ | ᠳᠠᠷᠤᠭᠤᠯᠵᠤ ᠤᠤᠭᠤᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃ | |