ᠪᠥᠬᠦ ᠤᠯᠤᠰ ᠤᠨ ᠨᠢᠭᠡᠳᠦᠯᠲᠡᠢ ᠰᠡᠳᠬᠢᠴᠡ ᠶᠢᠨ ᠵᠥᠪᠯᠡᠮᠵᠢ ᠶᠢᠨ 12356 ᠬᠠᠯᠠᠮ ᠤᠲᠠᠰᠤ ᠮᠠᠨ ᠤ ᠠᠶᠢᠮᠠᠭ ᠲᠤ ᠨᠡᠪᠲᠡᠷᠡᠪᠡ
ᠨᠡᠶᠢᠲᠡᠯᠡᠭᠰᠡᠨ ᠴᠠᠭ᠄
2025/3/17
    ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠠᠷᠠᠳ ᠤᠯᠠᠨ ᠳᠤ ᠨᠡᠩ ᠰᠢᠯᠢᠳᠡᠭ ᠨᠡᠩ ᠲᠥᠭᠦᠮ ᠳᠥᠲᠡ ᠰᠡᠳᠬᠢᠴᠡ ᠶᠢᠨ ᠡᠷᠡᠭᠦᠯ ᠮᠡᠨᠲᠤ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠲᠤ ᠶᠢᠨ ᠵᠥᠪᠯᠡᠯ ᠨᠢ ᠠᠵᠤ ᠦᠢᠯᠡᠳᠪᠦᠷᠢ ᠪᠣᠯᠣᠨ ᠰᠤᠷᠠᠭ ᠵᠠᠩᠭᠢᠵᠢᠯᠲᠠ ᠶᠢᠨ ᠬᠡᠯᠲᠡᠰ ᠲᠠᠢ ᠬᠠᠮᠵᠢᠯᠴᠠᠨ ︽12356︾ ᠬᠠᠯᠠᠮ ᠤᠲᠠᠰᠤ ᠶᠢ ᠪᠥᠬᠦ ᠤᠯᠤᠰ ᠤᠨ ᠨᠢᠭᠡᠳᠦᠯᠲᠡᠢ ᠰᠡᠳᠬᠢᠴᠡ ᠶᠢᠨ ᠵᠥᠪᠯᠡᠮᠵᠢ ᠶᠢᠨ ᠬᠠᠯᠠᠮ ᠤᠲᠠᠰᠤ ᠪᠠᠷ ᠲᠣᠬᠢᠷᠠᠭᠤᠯᠪᠠ᠃ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠨᠢ ᠡᠨᠡᠬᠦ ᠠᠵᠢᠯ ᠢ ᠢᠳᠡᠪᠬᠢᠲᠡᠢ ᠴᠤᠤᠷᠢᠶᠠᠲᠤᠨ ᠲᠦᠷᠭᠡᠨ ᠬᠥᠳᠡᠯᠦᠯᠴᠡᠵᠦ᠂ ᠪᠠᠴᠢᠮ ᠶᠠᠭᠠᠷᠠᠯᠲᠠᠢ ᠪᠡᠯᠡᠳᠬᠡᠯ ᠢᠶᠠᠷ ᠲᠠᠮᠵᠢᠨ 2025 ᠣᠨ ᠤ 1 ᠰᠠᠷ᠎ᠠ ᠶᠢᠨ 26 ᠤ ᠡᠳᠦᠷ ᠵᠢᠩᠬᠢᠨᠢ ᠪᠠᠷ ᠪᠥᠬᠦ ᠤᠯᠤᠰ ᠤᠨ ᠨᠢᠭᠡᠳᠦᠯᠲᠡᠢ ᠰᠡᠳᠬᠢᠴᠡ ᠶᠢᠨ ᠵᠥᠪᠯᠡᠮᠵᠢ ᠶᠢᠨ ︽12356︾ ᠬᠠᠯᠠᠮ ᠤᠲᠠᠰᠤ ᠶᠢ ᠨᠠᠪᠲᠠᠷᠡᠭᠦᠯᠵᠦ᠂ ᠤᠯᠠᠨ ᠲᠦᠮᠡᠨ ᠳᠤ 24 ᠴᠠᠭ ᠢᠶᠠᠷ ᠰᠡᠳᠬᠢᠴᠡ ᠶᠢᠨ ᠵᠥᠪᠯᠡᠮᠵᠢ ᠶᠢᠨ ᠦᠢᠯᠡᠴᠢᠯᠡᠭᠡ ᠬᠠᠩᠭᠠᠵᠤ ᠪᠤᠢ᠃     ︽12356︾ ᠬᠠᠯᠠᠮ ᠤᠲᠠᠰᠤ ᠶᠢ ᠵᠠᠯᠭᠠᠭᠴᠢ ᠬᠠᠢ ᠵᠤᠤ ᠨᠠᠨ᠄ ︽︿12356﹀ 24 ᠴᠠᠭ ᠢᠶᠠᠷ ᠦᠢᠯᠡᠴᠢᠯᠡᠬᠦ ᠰᠡᠳᠬᠢᠴᠡ ᠶᠢᠨ ᠵᠥᠪᠯᠡᠮᠵᠢ ᠶᠢᠨ ᠬᠠᠯᠠᠮ ᠤᠲᠠᠰᠤ ᠨᠢ ᠭᠤᠣᠯᠳᠠᠭᠤ ᠤᠲᠠᠰᠤ ᠢᠷᠡᠭᠦᠯᠦᠭᠴᠢᠳ ᠲᠤ ᠰᠡᠳᠬᠢᠴᠡ ᠶᠢᠨ ᠲᠠᠶᠢᠳᠬᠤᠷᠠᠭᠤᠯᠤᠯ ᠬᠢᠳᠡᠭ᠃ ᠤᠲᠠᠰᠤ ᠢᠷᠡᠭᠦᠯᠦᠭᠴᠢᠳ ᠤᠨ ᠣᠯᠠᠩᠬᠢ ᠨᠢ ᠭᠡᠷ ᠪᠦᠯᠢ᠂ ᠦᠷ᠎ᠡ ᠬᠡᠦᠬᠡᠳ᠂ ᠬᠥᠮᠥᠰ ᠤᠨ ᠬᠤᠭᠤᠷᠤᠨᠲᠤᠬᠢ ᠬᠠᠷᠢᠴᠠᠭ᠎ᠠ ᠵᠢᠴᠢ ᠠᠵᠢᠯ ᠰᠤᠷᠤᠯᠭ᠎ᠠ ᠶᠢᠨ ᠳᠠᠷᠤᠭᠠᠰᠤ ᠠᠴᠠ ᠪᠣᠯᠤᠭᠰᠠᠨ ᠰᠡᠳᠬᠢᠴᠡ ᠶᠢᠨ ᠳᠠᠷᠤᠭᠠᠰᠤ ᠲᠠᠢ ᠬᠥᠮᠥᠰ ᠪᠠᠶᠢᠵᠤ᠂ ᠪᠢᠲᠠ ᠲᠤᠰᠬᠠᠢ ᠮᠡᠳᠡᠯᠭᠡ ᠪᠣᠯᠣᠨ ᠬᠦᠯᠢᠴᠡᠩᠭᠦᠢ ᠬᠠᠯᠠᠭᠤᠮᠰᠤᠭ ᠣᠪᠣᠷ ᠢᠶᠠᠷ ᠦᠢᠯᠡᠴᠢᠯᠡᠵᠦ᠂ ᠤᠲᠠᠰᠤ ᠢᠷᠡᠭᠦᠯᠦᠭᠴᠢᠳ ᠲᠤ ᠰᠡᠳᠬᠢᠴᠡ ᠶᠢᠨ ᠳᠡᠮᠵᠢᠯᠭᠡ ᠪᠣᠯᠣᠨ ᠲᠣᠬᠢᠷᠠᠭᠤᠯᠤᠯᠲᠠ ᠬᠢᠳᠡᠭ︾ ᠭᠡᠵᠦ ᠲᠠᠨᠢᠯᠴᠠᠭᠤᠯᠪᠠ᠃     ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶᠠᠨ ᠤ ᠰᠡᠳᠬᠢᠴᠡ ᠶᠢᠨ ᠰᠠᠯᠠᠭᠠᠨ ᠤ ᠡᠷᠬᠢᠯᠡᠭᠴᠢ ᠶᠠᠩ ᠰᠢᠶᠣᠣ ᠯᠧᠢ ᠢᠯᠡᠷᠬᠡᠶᠢᠯᠡᠬᠦ ᠳᠡᠭᠡᠨ᠄ ︽︿12356﹀ ᠰᠡᠳᠬᠢᠴᠡ ᠶᠢᠨ ᠵᠥᠪᠯᠡᠮᠵᠢ ᠶᠢᠨ ᠬᠠᠯᠠᠮ ᠤᠲᠠᠰᠤᠨ ᠳᠤ ᠲᠤᠰᠬᠠᠢ ᠠᠵᠢᠯᠲᠠᠨ ᠲᠣᠬᠢᠷᠠᠭᠤᠯᠤᠨ᠂ 24 ᠴᠠᠭ ᠢᠶᠠᠷ ᠲᠠᠰᠤᠷᠠᠯᠲᠠ ᠦᠭᠡᠢ ᠦᠢᠯᠡᠴᠢᠯᠡᠭᠡ ᠬᠠᠩᠭᠠᠵᠤ ᠪᠤᠢ᠃ ᠬᠡᠷᠪᠡ ᠤᠯᠠᠨ ᠢᠶᠠᠷ ᠢᠶᠠᠨ ᠤᠷᠮ᠎ᠠ ᠰᠡᠳᠬᠢᠯᠭᠡ ᠶᠢᠨ ᠲᠠᠯ᠎ᠠ ᠪᠠᠷ ᠵᠠᠷᠢᠮ ᠠᠰᠠᠭᠤᠳᠠᠯ ᠢᠯᠡᠷᠡᠪᠡᠯ᠂ ᠡᠨᠡᠬᠦ ᠤᠲᠠᠰᠤ ᠪᠠᠷ ᠬᠤᠯᠪᠣᠭᠳᠠᠨ ᠪᠢᠲᠠᠨ ᠢ ᠡᠷᠢᠵᠦ ᠪᠣᠯᠣᠨ᠎ᠠ᠃ ᠪᠢᠲᠠ ᠬᠠᠮᠤᠭ ᠴᠢᠳᠠᠯ ᠢᠶᠠᠷ ᠢᠶᠠᠨ ᠤᠯᠠᠨ ᠲᠦᠮᠡᠨ ᠤ ᠰᠡᠳᠬᠢᠯ ᠤᠨ ᠪᠤᠬᠢᠨᠢᠳᠤᠯ ᠪᠣᠯᠣᠨ ᠳᠠᠷᠤᠭᠠᠰᠤ ᠶᠢ ᠬᠥᠩᠭᠡᠷᠡᠭᠦᠯᠵᠦ ᠥᠭᠭᠦᠨ᠎ᠡ︾ ᠭᠡᠪᠡ᠃    
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号