ᠮᠠᠨ ᠤ ᠬᠤᠰᠢᠭᠤ ᠠᠵᠢᠯ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠷᠣᠵᠤ ᠨᠡᠷ᠎ᠡ ᠮᠡᠳᠡᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠡᠶᠢᠭᠡᠮ ᠲᠣᠭᠤᠷᠢᠭ ᠤᠨ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠶᠢᠨ ᠤᠷᠢᠨ ᠲᠣᠮᠢᠯᠠᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/3/18
   2 ᠳ᠋ᠤᠭᠠᠷ ᠰᠠᠷ᠎ᠠ ᠶᠢᠨ 26 ᠤ ᠡᠳᠦᠷ᠂ ᠮᠠᠨ ᠤ ᠬᠤᠰᠢᠭᠤ ᠠᠵᠢᠯᠯᠠᠵᠤ ᠪᠠᠢᠭ᠎ᠠ ᠨᠠᠮ ᠤᠨ ᠬᠡᠰᠢᠭᠦᠨ ᠨᠡᠶᠢᠭᠡᠮ ᠲᠣᠭᠤᠷᠢᠭ ᠲᠤ ᠣᠷᠣᠵᠤ ᠨᠡᠷ᠎ᠡ ᠮᠡᠳᠡᠭᠦᠯᠬᠦ ᠠᠵᠢᠯ ᠤᠨ ᠪᠠᠢᠷᠢᠯᠠᠭᠤᠯᠤᠯᠲᠠ ᠶᠢᠨ ᠬᠤᠷᠠᠯ ᠵᠢᠴᠢ ᠨᠡᠶᠢᠭᠡᠮ ᠲᠣᠭᠤᠷᠢᠭ ᠤᠨ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠤᠷᠢᠨ ᠲᠣᠮᠢᠯᠠᠬᠤ ᠶᠣᠰᠣᠯᠠᠯ ᠶᠠᠪᠤᠭᠳᠠᠭᠤᠯᠵᠦ᠂ ᠲᠣᠭᠤᠷᠢᠭ ᠲᠤ ᠰᠠᠭᠤᠭ᠎ᠠ ᠪᠠᠶᠢᠭᠤᠯᠭ᠎ᠠ ᠨᠢᠭᠡᠴᠡ ᠶᠢᠨ 55 ᠨᠡᠷ᠎ᠡ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠳᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᠬᠤᠩ ᠪᠢᠨ ᠬᠤᠷᠠᠯ ᠳᠤ ᠣᠷᠣᠯᠴᠠᠵᠠᠶ᠃    ᠬᠤᠷᠠᠯ ᠠᠴᠠ ᠴᠢᠬᠤᠯᠠᠴᠢᠯᠠᠭᠰᠠᠨ ᠨᠢ᠂ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠩᠭᠠᠳᠬᠠᠬᠤ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠪᠣᠳᠠᠲᠤ ᠠᠵᠢᠯᠯᠠᠭ᠎ᠠ ᠮᠥᠨ᠃ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠲᠤ ᠣᠷᠣᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠨᠢ ᠪᠠᠶᠢᠭᠤᠯᠭ᠎ᠠ ᠠᠴᠠ ᠭᠠᠷᠴᠤ᠂ ᠨᠡᠶᠢᠭᠡᠮ ᠲᠣᠭᠤᠷᠢᠭ ᠲᠤ ᠬᠦᠷᠴᠦ᠂ ᠣᠯᠠᠨ ᠲᠦᠮᠡᠨ ᠲᠠᠢ ᠣᠶᠢᠷᠠᠲᠤᠵᠤ᠂ ︽ᠲᠠᠪᠤᠨ ᠶᠡᠭᠡ ᠭᠡᠰᠢᠭᠦᠨ︾ ᠪᠣᠯᠵᠣ᠂ 5 ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠲᠣᠰ ᠪᠡᠶ᠎ᠡ ᠶᠢᠨ ᠣᠯᠠᠨ ᠲᠦᠮᠡᠨ ᠤ ᠠᠵᠢᠯ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠨᠡᠮᠡᠭᠳᠡᠭᠦᠯᠬᠦ ᠬᠡᠷᠡᠭᠲᠡᠶ᠃ ᠪᠠᠯᠭᠠᠰᠤᠨ ᠤ ᠨᠠᠮ ᠤᠨ ᠬᠤᠷᠢᠶ᠎ᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ᠂ ᠤᠶᠢᠯᠡᠴᠢᠯᠡᠭᠡᠨ ᠤ ᠬᠠᠭᠤᠳᠠᠰᠤ ᠲᠣᠮᠢᠯᠠᠬᠤ ᠪᠠ ᠦᠨᠡᠯᠡᠵᠦ ᠬᠠᠷᠢᠭᠤ ᠲᠤᠰᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠭᠡᠮ ᠲᠣᠭᠤᠷᠢᠭ ᠲᠤ ᠰᠠᠭᠤᠭ᠎ᠠ ᠪᠠᠶᠢᠭᠤᠯᠭ᠎ᠠ ᠨᠢᠭᠡᠴᠡ ᠶᠢᠨ ᠨᠡᠷ᠎ᠡ ᠮᠡᠳᠡᠭᠦᠯᠦᠭᠰᠡᠨ ᠦᠢᠯᠡᠴᠢᠯᠡᠭᠡᠨ ᠤ ᠦᠷ᠎ᠡ ᠪᠦᠲᠦᠮᠵᠢ ᠶᠢ ᠴᠤᠭᠯᠠᠭᠤᠯᠵᠤ᠂ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠶᠢᠨ ᠠᠵᠢᠯ ᠤᠨ ᠢᠯᠡᠷᠡᠯ ᠪᠠ ᠠᠵᠢᠯ ᠤᠨ ᠪᠣᠳᠠᠲᠤ ᠠᠮᠵᠢᠯᠲᠠ ᠶᠢ ᠡᠵᠡᠮᠰᠢᠵᠦ᠂ ᠦᠷ᠎ᠡ ᠪᠦᠲᠦᠮᠵᠢ ᠶᠢ ᠠᠰᠠᠭᠤᠬᠤ ᠪᠠ ᠬᠢᠨᠠᠨ ᠰᠢᠯᠭᠠᠵᠤ ᠦᠨᠡᠯᠡᠬᠦ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ︽ᠦᠨᠡᠨ ᠬᠦ ᠨᠡᠷ᠎ᠡ ᠮᠡᠳᠡᠭᠦᠯᠵᠦ᠂ ᠦᠨᠡᠨ ᠬᠦ ᠦᠢᠯᠡᠴᠢᠯᠡᠵᠦ᠂ ᠦᠨᠡᠨ ᠬᠦ ᠦᠷ᠎ᠡ ᠪᠦᠲᠦᠮᠵᠢ ᠭᠠᠷᠭᠠᠬᠤ︾ ᠶᠢ ᠪᠠᠲᠤᠯᠠᠬᠤ ᠬᠡᠷᠡᠭᠲᠡᠢ᠃    ᠮᠠᠨᠳᠠᠯᠲᠦ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ ᠵᠢᠴᠢ ᠲᠣᠭᠤᠷᠢᠭ ᠲᠤ ᠰᠠᠭᠤᠭ᠎ᠠ ᠪᠠᠶᠢᠭᠤᠯᠭ᠎ᠠ ᠨᠢᠭᠡᠴᠡ ᠶᠢᠨ ᠤᠷᠢᠭᠳᠠᠭᠰᠠᠨ ︽ᠲᠣᠣᠷᠴᠢᠯᠠᠭᠰᠠᠨ ᠬᠠᠮᠢᠶᠠᠷᠤᠯᠲᠠ ᠶᠢᠨ ᠵᠢᠭᠠᠨ ᠵᠢᠯᠣᠭᠤᠳᠣᠭᠴᠢ︾ ᠬᠤᠷᠠᠯ ᠳᠤ ᠣᠷᠤᠯᠴᠠᠵᠠᠢ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号