3 ᠳ᠋ᠤᠭᠠᠷ ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ | ᠬᠤᠰᠢᠭᠤ ᠵᠠᠰᠠᠭ ᠤᠨ ᠶᠠᠪᠤᠲᠠᠯ ᠤᠨ ᠤᠶᠢᠯᠡᠴᠢᠯᠡᠭᠡ ᠬᠢᠭᠡᠤᠨ ᠳ᠋ᠢᠢᠳ᠋ᠨ ᠶᠢᠨ ᠬᠠᠮᠢᠶᠠᠷᠤᠯᠲᠠ ᠶᠢᠨ ᠲᠤᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠰᠢᠨᠵᠢᠯᠡᠬᠦ ᠤᠬᠠᠭᠠᠨ ᠲᠧᠨᠢᠭᠡ ᠮᠡᠷᠭᠡᠵᠢᠯ ᠤᠨ ᠨᠡᠶᠢᠭᠡᠮᠯᠢᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠤᠶᠢᠯᠡᠳᠤᠯᠭᠡ ᠶᠢᠨ ᠤᠶᠢᠯᠡᠴᠢᠯᠡᠭᠡᠨ ᠤ ᠲᠥᠪ᠂ ᠰᠣᠶᠣᠯ ᠤᠨ ᠣᠷᠳᠣᠨ᠂ ᠳᠠᠷᠬᠠᠨ ᠨᠡᠶᠢᠭᠡᠮ ᠲᠣᠭᠤᠷᠢᠭ ᠬᠠᠮᠲᠤᠷᠠᠨ | ︽ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠥᠭᠡᠷᠡᠴᠢᠯᠡᠯᠲᠡ ᠬᠢᠵᠤ ᠰᠢᠨ᠎ᠡ ᠭᠠᠪᠢᠶ᠎ᠠ | ᠪᠠᠶᠢᠭᠤᠯᠬᠤ︾ ᠭᠤᠤᠯ ᠰᠡᠳᠦᠪᠲᠦ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠰᠦᠢᠳᠬᠡᠯ ᠬᠤᠷᠢᠶᠠᠬᠤ ᠦᠭᠡᠢ ᠠᠯᠪᠠᠨ ᠵᠢᠷᠤᠮ ᠤᠨ ᠡᠮᠴᠢᠯᠡᠭᠡ᠂ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠤᠷᠠᠨ ᠰᠠᠶᠢᠬᠠᠨ ᠤ ᠲᠣᠭᠯᠠᠯᠲᠠ ᠵᠡᠷᠭᠡ ᠰᠠᠶᠢᠨ ᠳᠤᠷ᠎ᠠ ᠶᠢᠨ | ᠦᠢᠯᠡᠴᠢᠯᠡᠭᠡᠨ ᠤ ᠠᠭᠤᠯᠭ᠎ᠠ ᠶᠢ ᠲᠤᠬᠢᠷᠠᠭᠤᠯᠵᠤ᠂ ᠰᠠᠶᠢᠨ ᠲᠤᠷᠠᠴᠣᠣᠯ ᠰᠠᠭᠤᠭᠠᠯᠢ ᠠᠷᠠᠳ ᠳᠤ ᠰᠠᠶᠢᠨ ᠳᠤᠷ᠎ᠠ ᠶᠢᠨ | ᠦᠢᠯᠡᠴᠢᠯᠡᠭᠡ ᠬᠠᠩᠭᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠬᠦᠷᠢᠶᠡᠯᠡᠯ ᠢ ᠣᠯᠵᠤ᠂ ︽ᠬᠦᠴᠢᠷᠳᠡᠯ ᠲᠠᠢ | ᠪᠣᠯ ᠰᠠᠶᠢᠨ ᠲᠤᠷᠠᠴᠤᠤᠯ ᠢ ᠡᠷᠢᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ | ᠰᠠᠶᠢᠨ ᠳᠤᠷ᠎ᠠ ᠶᠢᠨ ᠦᠢᠯᠡᠴᠢᠯᠡᠭᠡ ᠶᠢ ᠦᠢᠯᠡᠳᠦᠯᠭᠡᠵᠢᠭᠦᠯᠦᠨ ᠪᠠᠳᠠᠷᠠᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠵᠠᠯᠠᠭᠤ ᠰᠠᠶᠢᠨ ᠲᠤᠷᠠᠴᠤᠤᠯ ᠤᠨ ᠡᠭᠦᠷᠭᠡᠯᠡᠯ ᠢ ᠢᠯᠡᠷᠡᠭᠦᠯᠪᠡ᠃ | ᠮᠠᠨ ᠤ ᠬᠤᠰᠢᠭᠤ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠤᠯᠠᠷᠢᠨ ᠣᠯᠠᠮᠵᠢᠯᠠᠵᠤ᠂ ᠰᠠᠶᠢᠨ | ᠲᠤᠷᠠᠴᠤᠤᠯ ᠤᠨ ᠡᠩᠨᠡᠭᠡ ᠶᠢ ᠦᠷᠭᠦᠯᠵᠢᠯᠡᠨ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠬᠥᠲᠥᠯᠥᠨ | ᠵᠢᠯᠣᠭᠤᠳᠴᠤ ᠪᠠᠶᠢᠭᠠᠳ ᠰᠠᠶᠢᠨ ᠲᠤᠷᠠᠴᠤᠤᠯ ᠤᠨ ᠤᠶᠢᠯᠡᠴᠢᠯᠡᠭᠡᠨ ᠤ ᠦᠢᠯᠡᠰ ᠲᠤ ᠢᠳᠡᠪᠬᠢᠲᠡᠶ ᠣᠷᠣᠯᠴᠠᠭᠤᠯᠵᠤ᠂ | ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠰᠢᠯᠢᠳᠡᠭ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠂ | ᠪᠥᠬᠦ ᠨᠡᠶᠢᠭᠡᠮ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡ ᠳᠤ ᠤᠷᠤᠯᠴᠠᠬᠤ ᠶᠢ ᠤᠷᠢᠶᠠᠯᠠᠵᠤ ᠪᠠᠶᠢᠨ᠎ᠠ᠃ |