ᠬᠤᠰᠢᠭᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/18
   3 ᠳ᠋ᠤᠭᠠᠷ ᠰᠠᠷ᠎ᠠ ᠶᠢᠨ 5 ᠤ ᠡᠳᠦᠷ ᠪᠣᠯ ᠪᠥᠬᠦ ᠤᠯᠤᠰ ᠤᠨ 62 ᠳᠠᠬᠢ ︽ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠮᠥᠨ᠂ ᠯᠸᠢ ᠹᠧᠩ ᠤᠨ ᠵᠣᠷᠢᠭ ᠰᠠᠨᠠᠭ᠎ᠠ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠬᠥᠮᠦᠰ ᠤᠨ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠨᠡᠶᠢᠭᠡᠮ ᠳᠤ ᠬᠠᠶᠢᠷ᠎ᠠ ᠬᠠᠯᠠᠮᠵᠢ ᠪᠠ ᠢᠳᠡᠪᠬᠢ ᠬᠦᠴᠦᠨ ᠢ ᠳᠠᠮᠵᠢᠭᠤᠯᠬᠤ ᠶᠢ ᠵᠣᠷᠢᠭᠵᠢᠭᠤᠯᠵᠤ ᠪᠠᠶᠢᠲᠠᠭ᠃ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠢᠩᠬᠢᠮ ᠳᠤ ᠡᠳᠦᠷ ᠪᠦᠷᠢ ᠠᠵᠢᠯ ᠶᠠᠪᠤᠳᠠᠯ ᠭᠥᠢᠴᠡᠤᠨᠬᠡᠬᠦ ᠣᠯᠠᠨ ᠲᠦᠮᠡᠨ ᠤ ᠲᠥᠪᠡᠭᠲᠡᠢ ᠠᠰᠠᠭᠤᠲᠠᠯ᠂ ᠬᠥᠴᠢᠷ ᠠᠰᠠᠭᠤᠲᠠᠯ ᠢ ᠰᠢᠢᠤᠨᠪᠥᠷᠢᠯᠡᠬᠦ ᠶᠠᠪᠤᠴᠠ ᠳᠤ ᠤᠯᠠᠨ ᠰᠡᠳᠬᠢᠯ ᠬᠥᠳᠡᠯᠭᠡᠮ᠎ᠡ ᠥᠯᠢᠭᠡᠷ ᠵᠢᠱᠢᠶ᠎ᠡ ᠠᠳᠡ ᠲᠠᠰᠤᠷᠠᠯᠲᠠ ᠦᠭᠡᠢ ᠪᠠᠶᠢᠲᠠᠭ᠃    ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠠᠶᠢᠨ ᠲᠤᠷᠠᠴᠣᠣᠯ ᠤᠨ ᠠᠩᠭᠢ 2022 ᠣᠨ ᠤ 10 ᠰᠠᠷ᠎ᠠ ᠳᠤ ᠪᠠᠶᠢᠭᠤᠯᠤᠭᠳᠠᠵᠤ᠂ ᠣᠲᠣ 25 ᠭᠡᠰᠢᠭᠦᠨ ᠲᠠᠢ᠂ 2024 ᠣᠨ ᠤ 3 ᠰᠠᠷ᠎ᠠ ᠳᠤ᠂ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠶᠢᠰᠦᠳᠦᠭᠡᠷ ᠪᠦᠯᠦᠭ ᠤᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ︾ ᠤᠨ ᠢᠷᠠᠭᠤ ᠠᠯᠳᠠᠷ ᠢ ᠭᠥᠷᠳᠡᠵᠦ᠂ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ ᠪᠣᠯᠤᠭᠰᠠᠨ ᠤ ᠬᠤᠪᠢ ᠳᠤ᠂ ᠰᠠᠶᠢᠨ ᠲᠤᠷᠠᠴᠣᠣᠯ ᠤᠨ ᠦᠢᠯᠡᠴᠢᠯᠡᠭᠡᠨ ᠤ ᠠᠩᠭᠢ ᠨᠢ ᠢᠮᠠᠭᠲᠠ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠴᠢᠯᠡᠭᠡ ᠨᠢᠭᠡᠪᠦᠷᠢ ᠳᠤ ᠠᠭᠤᠰᠤᠯᠴᠠᠭᠤᠯᠪᠠ᠃ ᠠᠩᠭᠢ ᠶᠢᠨ ᠭᠡᠰᠢᠭᠦᠳ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ ᠰᠠᠶᠢᠨ ᠲᠤᠷᠠᠴᠣᠣᠯ ᠤᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠵᠢᠵᠢᠭ ᠰᠠᠵᠢᠭ ᠵᠦᠢᠯ ᠠᠴᠠ ᠭᠠᠷᠳᠠᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃    ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠶᠢᠨ ᠲᠤᠰᠠᠲᠠ᠂ ᠯᠸᠢ ᠹᠧᠩ ᠠᠴᠠ ᠰᠤᠷᠤᠯᠴᠠᠬᠤ ᠰᠠᠶᠢᠨ ᠲᠤᠷᠠᠴᠤᠤᠯ ᠤᠨ ᠤᠶᠢᠯᠡᠴᠢᠯᠡᠭᠡᠨ ᠤ ᠠᠵᠢᠯ ᠤᠨ ᠪᠠᠶᠢᠷᠢ ᠭᠠᠷᠭᠠᠵᠤ᠂ ᠲᠤᠰᠬᠠᠶ ᠬᠥᠮᠦᠨ ᠲᠣᠬᠢᠷᠠᠭᠤᠯᠤᠨ ᠠᠵᠢᠯ ᠶᠠᠪᠤᠳᠠᠯ ᠭᠥᠢᠴᠡᠤᠨᠬᠡᠬᠦ ᠣᠯᠠᠨ ᠲᠦᠮᠡᠨ ᠳᠤ ᠬᠥᠲᠥᠯᠦᠨ ᠵᠢᠯᠣᠭᠤᠳᠬᠤ᠂ ᠵᠥᠪᠯᠡᠯᠭᠡ ᠥᠭᠬᠦ ᠪᠠ ᠬᠠᠪᠰᠤᠷᠤᠯᠭ᠎ᠠ ᠥᠵᠡᠭᠦᠯᠵᠤ᠂ ᠲᠥᠷᠥ ᠶᠢᠨ ᠪᠣᠳᠣᠯᠭ᠎ᠠ ᠶᠢᠨ ᠮᠠᠳᠠᠭ ᠲᠠᠢ ᠠᠰᠠᠭᠤᠳᠠᠯ ᠢ ᠬᠠᠷᠢᠭᠤᠯᠬᠤ ᠳᠤ ᠠᠵᠢᠯᠲᠠᠳ ᠬᠡᠵᠢᠶᠡᠳᠡ ᠬᠠᠯᠠᠭᠤᠮᠰᠤᠭ ᠰᠡᠳᠬᠢᠯᠭᠡ ᠪᠠᠷ ᠬᠠᠨᠳᠤᠵᠤ᠂ ᠨᠠᠰᠤᠲᠠᠶᠢᠴᠤᠳ᠂ ᠵᠡᠮᠳᠡᠭ ᠬᠥᠮᠦᠰ ᠵᠡᠷᠭᠡ ᠣᠨᠴᠠᠭᠠᠶ ᠬᠥᠮᠦᠰ ᠲᠤ ᠴᠢᠭᠯᠡᠭᠦᠯᠦᠨ᠂ ︽ᠴᠡᠭ ᠠᠴᠠ ᠴᠡᠭ ᠲᠤ ᠬᠦᠷᠬᠦ︾ ᠰᠠᠶᠢᠨ ᠳᠤᠷ᠎ᠠ ᠶᠢᠨ ᠦᠢᠯᠡᠴᠢᠯᠡᠭᠡ ᠬᠢᠵᠤ ᠢᠷᠡᠭᠰᠡᠨ ᠢᠶᠠᠷ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠲᠡᠭ ᠪᠠᠶᠢᠨ᠎ᠠ᠃    ᠣᠶᠢᠯᠠᠭᠠᠭᠰᠠᠨ ᠢᠶᠠᠷ᠂ ᠬᠤᠰᠢᠭᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠰᠠᠶᠢᠨ ᠲᠤᠷᠠᠴᠣᠣᠯ ᠤᠨ ᠤᠶᠢᠯᠡᠴᠢᠯᠡᠭᠡᠨ ᠤ ᠠᠩᠭᠢ ᠨᠢ᠂ ᠠᠵᠤ ᠠᠬᠤᠶᠢᠯᠠᠯ ᠪᠠ ᠣᠯᠠᠨ ᠲᠦᠮᠡᠨ ᠳᠤ ᠡᠯ᠎ᠡ ᠲᠥᠷᠥᠯ ᠤᠨ ᠬᠠᠪᠰᠤᠷᠤᠨ ᠭᠥᠢᠴᠡᠤᠨᠬᠡᠬᠦ᠂ ᠣᠷᠣᠯᠠᠨ ᠭᠥᠢᠴᠡᠤᠨᠬᠡᠬᠦ ᠤᠶᠢᠯᠡᠴᠢᠯᠡᠭᠡ ᠶᠢ 8935 ᠤᠳᠠᠭ᠎ᠠ᠂ ᠴᠠᠭ ᠤᠷᠲᠤᠳᠬᠠᠬᠤ ᠤᠶᠢᠯᠡᠴᠢᠯᠡᠭᠡ ᠶᠢ 635 ᠤᠳᠠᠭ᠎ᠠ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠬᠠᠪᠰᠤᠷᠬᠤ ᠤᠶᠢᠯᠡᠴᠢᠯᠡᠭᠡ 726 ᠤᠳᠠᠭ᠎ᠠ ᠬᠠᠩᠭᠠᠵᠤ᠂ ᠬᠡᠮᠡᠷᠯᠢᠭ ᠲᠤᠭ 14 ᠬᠤᠪᠢ᠂ ᠲᠠᠯᠠᠷᠬᠠᠯ ᠤᠨ ᠵᠠᠬᠢᠳᠠᠯ ᠢ 10 ᠬᠤᠪᠢ ᠲᠤᠰᠤᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号