12 ᠳ᠋ᠤᠭᠠᠷ ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠳᠠᠷᠤᠭ᠎ᠠ ᠱᠤᠸᠠᠩ ᠪᠦᠦ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠪᠢᠨ | 刘斌 ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠰᠣᠨᠣᠰᠪᠠ᠃ | ᠬᠢᠴᠢᠶᠡᠯᠭᠡ ᠳᠤ ᠱᠤᠸᠠᠩ ᠪᠦᠦ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ | ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠯᠠᠪᠳᠠᠭᠤᠨ ᠪᠠᠲᠤᠲᠠᠶ ᠰᠠᠶᠢᠲᠤᠷ ᠡᠷᠭᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠭᠠᠨ | ᠬᠥᠮᠦᠵᠢᠯ ᠤᠨ ᠤᠶᠢᠯᠠᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠦᠰᠡᠯᠡᠩ ᠲᠠᠢ᠂ ᠬᠠᠷᠢᠭᠤᠴᠠᠯᠭ᠎ᠠ | ᠡᠭᠦᠷᠭᠡᠯᠡᠯ ᠲᠠᠢ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠭᠤᠷᠪᠠᠨ ᠲᠠᠯ᠎ᠠ ᠪᠠᠷ ᠥᠪᠡᠷ ᠤᠨ | ᠣᠶᠢᠯᠠᠭᠠᠯᠲᠠ ᠪᠠ ᠲᠥᠷᠥᠭᠳᠡᠯ ᠢᠶᠠᠨ ᠬᠤᠪᠢᠶᠠᠯᠴᠠᠪᠠ᠃ | ᠱᠤᠸᠠᠩ ᠪᠦᠦ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ ᠰᠤᠷᠭᠠᠨ ᠬᠥᠮᠦᠵᠢᠯ ᠤᠨ | ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠶᠢ ᠰᠤᠷᠭᠠᠭᠤᠯᠢ ᠶᠢᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ | ᠲᠤᠤᠱᠯᠠᠭᠤᠯᠵᠤ᠂ ᠰᠤᠷᠭᠠᠭᠤᠯᠢ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠴᠢᠬᠤᠯᠠ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠥᠷᠭᠡᠨ | ᠤᠯᠠᠨ ᠪᠠᠭᠰᠢ ᠨᠠᠷ ᠲᠤᠰ ᠪᠡᠶ᠎ᠡ ᠶᠢᠨ ᠪᠠᠭᠰᠢ ᠶᠢᠨ ᠶᠣᠰᠣ ᠰᠤᠷᠲᠠᠬᠤᠨ ᠤ ᠪᠣᠯᠪᠠᠰᠤᠷᠠᠯ ᠢᠶᠠᠨ ᠦᠨᠡᠨ ᠬᠦ | ᠴᠢᠩᠭᠠᠳᠬᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠰᠠᠨ ᠪᠠᠶᠢᠨ᠎ᠠ᠃ | ᠡᠨᠡ ᠬᠤᠭᠤᠴᠠᠭᠠᠨ ᠳᠤ᠂ ᠱᠤᠸᠠᠩ ᠪᠦᠦ ᠪᠠᠰᠠ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ | ᠪᠠᠭ᠎ᠠ ᠰᠤᠷᠭᠠᠭᠤᠯᠢ ᠶᠢᠨ ᠪᠠᠶᠢᠷᠢ᠂ ᠬᠤᠭᠤᠯᠠᠨ ᠬᠡᠷ ᠵᠡᠷᠭᠡ ᠭᠠᠵᠠᠷ ᠢᠶᠠᠷ ᠭᠦᠨᠵᠡᠭᠡᠶᠢᠷᠡᠵᠦ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ᠬᠤᠭᠤᠯᠠᠨ ᠬᠡᠷ ᠤᠨ ᠢᠳᠡᠭᠡᠨ ᠤ ᠠᠷᠢᠭᠤᠨ ᠴᠡᠪᠡᠷ ᠵᠡᠷᠭᠡ | ᠲᠠᠯ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠤᠶᠢᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠴᠢᠩᠭᠠᠤᠨᠬᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ ᠲᠦᠪᠰᠢᠨ᠂ ᠬᠠᠤᠯᠢᠵᠢᠯ ᠤᠨ᠂ ᠡᠶ᠎ᠡ ᠵᠣᠬᠢᠴᠠᠩᠭᠤᠢ | ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ | ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠤᠭᠤᠯᠠᠨ ᠭᠡᠷ ᠤᠨ ᠠᠵᠢᠯᠯᠠᠭᠠᠨ ᠤ ᠬᠠᠮᠢᠶᠠᠷᠤᠯᠲᠠ ᠶᠢᠨ | ᠲᠣᠭᠲᠠᠴᠠ ᠶᠢ ᠴᠢᠩᠭ᠎ᠠ ᠵᠢᠷᠤᠮᠵᠢᠭᠤᠯᠵᠤ᠂ ᠢᠳᠡᠭᠡᠨ ᠤ ᠢᠷᠡᠯᠲᠡ ᠶᠢᠨ ᠪᠣᠭᠤᠮᠲᠠ ᠪᠣᠯᠤᠨ ᠢᠳᠡᠭᠡᠨ | ᠪᠣᠯᠪᠠᠰᠤᠷᠠᠭᠤᠯᠬᠤ ᠡᠯ᠎ᠡ ᠭᠤᠭᠴᠤᠭ᠎ᠠ ᠶᠢ ᠴᠢᠩᠭ᠎ᠠ ᠠᠳᠬᠤᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ | ᠦᠨᠡᠨ ᠬᠦ ᠰᠠᠶᠢᠲᠤᠷ ᠠᠳᠬᠤᠵᠤ᠂ ᠥᠷᠭᠡᠨ ᠤᠯᠠᠨ ᠪᠠᠭᠰᠢ ᠰᠤᠷᠤᠭᠴᠢ ᠪᠣᠯᠤᠨ ᠭᠡᠷ ᠤᠨ ᠠᠬᠠᠮᠠᠳ ᠢ ᠦᠨᠡᠨ ᠬᠦ | ᠰᠡᠳᠬᠢᠯ ᠬᠠᠨᠤᠮᠵᠢᠲᠠᠢ ᠪᠠᠶᠢᠯᠭᠠᠬᠤ ᠬᠡᠷᠡᠭᠲᠡᠢ ᠭᠡᠰᠠᠨ ᠪᠠᠶᠢᠨ᠎ᠠ᠃ |