ᠮᠠᠨ ᠤ ᠬᠤᠰᠢᠭᠤ ᠠᠵᠢᠯᠲᠠᠨ ᠡᠯᠰᠡᠬᠦ ᠴᠤᠭᠯᠠᠭᠠᠨ ᠡᠷᠬᠢᠯᠡᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/18
   3 ᠳ᠋ᠤᠭᠠᠷ ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠲᠤᠭ᠎ᠠ ᠪᠦᠷᠢᠳᠬᠡᠯ ᠤᠨ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠮᠠᠨᠳᠠᠯᠲᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠡᠷᠭᠡ 11 ᠰᠠᠯᠠᠭ᠎ᠠ ᠮᠥᠴᠢᠷ ᠬᠠᠮᠲᠤᠷᠠᠨ ᠡᠷᠭᠢᠯᠡᠭᠰᠡᠨ᠂ ᠰᠥᠨᠢᠳ ᠵᠡᠭᠦᠨ ᠬᠤᠰᠢᠭᠤᠨ ᠤ 2025 ᠣᠨ ᠤ ᠲᠤᠰᠬᠠᠶ ᠲᠠᠯᠠᠪᠤᠷ ᠠᠵᠢᠯᠲᠠᠨ ᠡᠯᠰᠡᠬᠦ ᠬᠤᠷᠠᠯ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠠᠰᠠᠷ ᠤᠨ ᠡᠭᠦᠳᠡᠨ ᠡᠮᠦᠨ᠎ᠡ ᠶᠠᠪᠤᠭᠳᠠᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢᠦ ᠪᠢᠨ ᠠᠵᠢᠯᠯᠠᠭ᠎ᠠ ᠳᠤ ᠣᠷᠣᠯᠴᠠᠵᠠᠶ᠃    ᠠᠵᠢᠯᠲᠠᠨ ᠡᠯᠰᠡᠬᠦ ᠬᠤᠷᠠᠯ ᠨᠢ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠡᠷᠢᠬᠦ + ᠲᠤᠬᠠᠢ ᠶᠢᠨ ᠲᠠᠯᠠᠪᠠᠢ ᠶᠢᠨ ᠠᠵᠢᠯᠲᠠᠨ ᠡᠯᠰᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ︾ ᠶᠢᠨ ᠠᠷᠭ᠎ᠠ ᠬᠡᠯᠪᠡᠷᠢ ᠪᠠᠷ ᠶᠠᠪᠤᠭᠳᠠᠵᠤ᠂ 44 ᠬᠥᠮᠦᠨ ᠬᠡᠷᠡᠭᠯᠡᠬᠦ ᠠᠵᠤ ᠠᠬᠤᠶᠢᠯᠠᠯ 750 ᠠᠵᠢᠯ ᠤᠨ ᠪᠠᠶᠢᠷᠢ ᠶᠢ ᠠᠪᠴᠢᠷᠠᠵᠤ᠂ ᠬᠠᠮᠢᠶᠠᠷᠤᠯᠲᠠ᠂ ᠡᠵᠡᠩᠨᠡᠨ ᠪᠣᠷᠣᠯᠠᠭᠤᠯᠤᠯᠲᠠ᠂ ᠵᠢᠷᠤᠭ ᠲᠥᠯᠥᠪᠯᠡᠭᠡ᠂ ᠡᠳ᠋ ᠤᠨ ᠶᠠᠪᠤᠳᠠᠯ᠂ ᠮᠧᠬᠠᠨᠢᠭ᠂ ᠦᠢᠯᠡᠴᠢᠯᠡᠭᠡ ᠵᠡᠷᠭᠡ ᠤᠯᠠᠨ ᠠᠵᠢᠯ ᠲᠦᠷᠦᠯ ᠳᠤ ᠬᠤᠯᠪᠣᠭᠳᠠᠵᠤ᠂ ᠲᠠᠯᠠᠪᠠᠢ ᠳᠤ ᠣᠷᠣᠵᠤ ᠠᠵᠢᠯ ᠡᠷᠢᠭᠰᠡᠳ 200 ᠭᠠᠷᠤᠢ ᠬᠥᠮᠦᠨ ᠬᠦᠷᠴᠤ᠂ ᠠᠩᠬ᠎ᠠ ᠠᠯᠬᠤᠮ 21 ᠬᠥᠮᠦᠨ ᠠᠵᠢᠯ ᠤᠯᠬᠤ ᠰᠠᠨᠠᠭ᠎ᠠ ᠲᠠᠢ ᠪᠠᠶᠢᠵᠤ᠂ ᠥᠷᠭᠡᠨ ᠤᠯᠠᠨ ᠠᠵᠢᠯ ᠡᠷᠢᠭᠴᠢ ᠪᠠ ᠠᠵᠢᠯᠴᠢᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ᠂ ᠣᠨᠣᠪᠴᠢᠲᠠᠢ᠂ ᠥᠨᠳᠥᠷ ᠪᠦᠲᠦᠮᠵᠢᠲᠡᠢ ᠬᠠᠩᠭᠠᠯᠭ᠎ᠠ ᠬᠡᠷᠡᠭᠴᠡᠭᠡ ᠶᠢᠨ ᠲᠠᠪᠴᠠᠩ ᠪᠠᠶᠢᠭᠤᠯᠵᠤ ᠦᠭᠭᠦᠭᠰᠡᠨ ᠪᠠᠶᠢᠨ᠎ᠠ᠃    ︽ᠰᠥᠨᠢᠳ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︾᠂ ︽ᠵᠡᠭᠦᠨ ᠰᠦᠨᠢᠳ ᠶᠢᠨ ᠤᠯᠠ ᠮᠦᠷ︾ ᠵᠡᠷᠭᠡ ᠬᠤᠶᠠᠷ ᠰᠢᠭᠤᠳ ᠨᠡᠪᠲᠡᠷᠡᠭᠦᠯᠭᠡ ᠶᠢᠨ ᠲᠠᠪᠴᠠᠩ ᠳᠡᠭᠡᠷ᠎ᠡ ᠨᠡᠶᠢᠲᠡ 2485 ᠬᠦᠮᠤᠨ ᠰᠢᠭᠤᠳ ᠨᠡᠪᠲᠡᠷᠡᠭᠦᠯᠭᠡ ᠶᠢ ᠰᠣᠨᠢᠷᠬᠠᠨ ᠦᠵᠡᠵᠦ ᠠᠰᠠᠭᠤᠨ ᠯᠠᠪᠯᠠᠭᠰᠠᠨ ᠪᠠᠶᠢᠨ᠎ᠠ᠃ ᠲᠤᠬᠠᠶ ᠶᠢᠨ ᠲᠠᠯᠠᠪᠤᠷ ᠲᠤ ᠪᠠᠰᠠ ᠠᠵᠤ ᠠᠬᠤᠶᠢᠯᠠᠯ ᠤᠨ ᠠᠵᠢᠯᠲᠠᠨ ᠡᠯᠰᠡᠬᠦ ᠲᠣᠭᠤᠷᠢᠭ᠂ ᠠᠵᠢᠯᠴᠢᠨ ᠬᠡᠷᠡᠭᠯᠡᠬᠦ ᠵᠥᠪᠳᠡᠯᠴᠡᠭᠡᠨ ᠤ ᠲᠣᠭᠤᠷᠢᠭ᠂ ᠠᠵᠢᠯ ᠡᠷᠢᠬᠦ ᠳᠠᠩᠰᠠᠯᠠᠯᠲᠠ ᠶᠢᠨ ᠲᠣᠭᠤᠷᠢᠭ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠭᠠᠷᠭᠠᠵᠤ᠂ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ︾ ᠶᠢ ᠥᠷᠨᠢᠭᠦᠯᠵᠦ᠂ ᠠᠵᠢᠯ ᠡᠷᠢᠭᠰᠡᠳ ᠲᠤ ᠠᠵᠢᠯ ᠤᠨ ᠪᠠᠶᠢᠷᠢ᠂ ᠴᠠᠯᠢᠩ ᠬᠥᠯᠥᠰᠥ ᠶᠢᠨ ᠬᠠᠷᠠᠭᠠᠯᠵᠠᠯ ᠵᠡᠷᠭᠡ ᠮᠡᠳᠡᠭᠡ ᠵᠠᠩᠭᠢ ᠶᠢ ᠲᠠᠨᠢᠯᠴᠠᠭᠤᠯᠬᠤ ᠶᠢᠨ ᠬᠠᠮᠲᠤ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠦᠢᠯᠡᠴᠢᠯᠡᠭᠡ ᠬᠠᠩᠭᠠᠵᠦ᠂ ᠠᠵᠢᠯ ᠣᠯᠵᠤ ᠦᠢᠯᠡᠰ ᠴᠣᠭᠴᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号