ᠠᠵᠢᠯ ᠣᠯᠵᠤ ᠠᠳᠠᠯ ᠦᠢᠯᠡᠰ ᠴᠣᠭᠴᠠᠯᠠᠬᠤ ᠰᠠᠨᠠᠮᠵᠢ ᠲᠠᠢ ᠣᠯᠠᠨ ᠲᠦᠮᠡᠨ ᠢ ᠬᠠᠪᠰᠤᠷᠤᠨ ᠠᠵᠢᠯ ᠣᠯᠭᠤᠬᠤ | ᠠᠷᠭ᠎ᠠ ᠵᠠᠮ ᠢ ᠨᠢ ᠥᠷᠭᠡᠳᠬᠡᠵᠦ᠂ ᠠᠮᠢᠳᠤᠷᠠᠯ ᠤᠨ ᠶᠠᠰᠤ ᠴᠢᠨᠠᠷ ᠢ ᠨᠢ ᠳᠡᠭᠡᠭᠰᠢᠯᠡᠭᠦᠯᠦᠨ᠂ ᠠᠵᠤ ᠠᠬᠤᠶ ᠶᠢᠨ | ᠣᠷᠣᠯᠭ᠎ᠠ ᠶᠢ ᠨᠡᠮᠡᠭᠳᠡᠭᠦᠯᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠠᠬᠢᠭᠤᠯᠬᠤ ᠶᠢᠨ ᠲᠥᠯᠥᠭᠡ᠂ | ᠣᠶᠢᠷ᠎ᠠ ᠳᠤ᠂ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠣᠯᠤᠨ ᠰᠢᠯᠢ ᠶᠢᠨ ᠭᠤᠣᠯ ᠠᠶᠢᠮᠠᠭ ᠤᠨ | ᠬᠤᠸᠠ ᠰᠢᠩ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠬᠠᠮᠲᠤᠷᠠᠨ ᠳᠤᠮᠳᠠᠳᠤ | ᠮᠠᠶ᠋ᠢᠭ ᠤᠨ ᠭᠤᠯᠢᠷ ᠢᠳᠡᠭᠡᠨ ᠬᠢᠬᠦ᠂ ᠡᠷᠡᠭᠦᠯᠵᠢᠯ ᠤᠨ ᠢᠯᠢᠵᠦ ᠨᠤᠬᠤᠯᠠᠬᠤ ᠵᠠᠰᠠᠯᠭ᠎ᠠ ᠶᠢᠨ ᠪᠣᠯᠪᠠᠰᠤᠷᠠᠯ ᠤᠨ | ᠠᠩᠭᠢ ᠶᠢ ᠡᠷᠭᠢᠯᠡᠪᠡ᠃ | ᠪᠣᠯᠪᠠᠰᠤᠷᠠᠯ ᠨᠢ 33 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠦ᠂ 83 ᠬᠤᠲᠠ ᠬᠥᠳᠡᠭᠡ ᠶᠢᠨ | ᠬᠥᠳᠡᠯᠮᠦᠷᠢᠴᠢᠨ ᠪᠣᠯᠪᠠᠰᠤᠷᠠᠯ ᠳᠤ ᠣᠷᠣᠯᠴᠠᠪᠠ᠃ ᠳᠤᠮᠳᠠᠳᠤ ᠮᠠᠶ᠋ᠢᠭ ᠤᠨ ᠭᠤᠯᠢᠷ ᠢᠳᠡᠭᠡᠨ ᠬᠢᠬᠦ ᠪᠣᠯᠪᠠᠰᠤᠷᠠᠯ ᠨᠢ | ︽ᠣᠨᠣᠯ ᠤᠨ ᠪᠣᠳᠠᠲᠤ ᠠᠵᠢᠯᠯᠠᠭ᠎ᠠ︾᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ | ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠵᠠᠭᠪᠤᠷ ᠢ ᠠᠪᠴᠤ᠂ ᠪᠠᠭᠰᠢ ᠠᠴᠠ ᠭᠤᠯᠢᠷ ᠢᠳᠡᠭᠡᠨ ᠶᠢ ᠲᠥᠷᠥᠯ | ᠠᠩᠭᠢᠯᠠᠬᠤ᠂ ᠦᠢᠯᠡᠳᠬᠦ᠂ ᠭᠤᠯᠢᠷ ᠤᠰᠤᠨ ᠤ ᠲᠣᠬᠢᠷᠠᠭᠤᠯᠤᠯᠲᠠ ᠶᠢᠨ ᠬᠠᠷᠢᠴᠠᠯ ᠵᠡᠷᠭᠡ ᠠᠭᠤᠯᠭ᠎ᠠ ᠪᠠᠷ ᠨᠠᠷᠢᠨ | ᠲᠠᠶᠢᠯᠤᠮᠵᠢ ᠬᠢᠵᠦ᠂ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠤᠨ᠂ ᠦᠪᠡᠷ ᠢᠶᠠᠨ ᠭᠠᠷ ᠬᠦᠳᠡᠯᠵᠦ ᠬᠢᠬᠦ ᠪᠠ | ᠬᠢᠵᠦ ᠭᠠᠷᠭᠠᠭᠰᠠᠨ ᠪᠦᠲᠦᠭᠡᠭᠳᠡᠬᠦᠨ ᠢ ᠬᠠᠷᠢᠴᠠᠭᠤᠯᠤᠨ ᠵᠢᠯᠣᠭᠤᠳᠴᠤ᠂ ᠰᠤᠷᠤᠭᠴᠢ ᠨᠢᠭᠡᠪᠦᠷᠢ ᠶᠢ ᠴᠥᠮ | ᠰᠣᠨᠣᠰᠴᠤ ᠣᠶᠢᠯᠠᠭᠠᠬᠤ᠂ ᠰᠤᠷᠴᠤ ᠡᠵᠡᠮᠰᠢᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ ᠪᠠᠭᠰᠢ ᠶᠢᠨ ᠬᠠᠯᠠᠰᠢᠷᠠᠯ | ᠦᠭᠡᠢ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠢᠳᠡᠪᠬᠢᠲᠡᠢ ᠪᠠᠷ ᠭᠠᠷᠳᠠᠨ ᠬᠢᠵᠦ᠂ ᠭᠤᠯᠢᠷ ᠢᠳᠡᠭᠡᠨ ᠦᠢᠯᠡᠳᠬᠦ | ᠠᠯᠬᠤᠮ ᠳᠠᠷᠠᠭ᠎ᠠ ᠪᠠ ᠵᠠᠩᠭᠢᠯᠠᠭ᠎ᠠ ᠶᠢ ᠭᠦᠢᠴᠡᠳ ᠡᠵᠡᠮᠰᠢᠭᠰᠡᠨ ᠪᠠᠶᠢᠨ᠎ᠠ᠃ | ᠡᠷᠡᠭᠦᠯᠵᠢᠯ ᠤᠨ ᠢᠯᠢᠵᠦ ᠨᠤᠬᠤᠯᠠᠬᠤ ᠪᠤᠯᠪᠠᠰᠤᠷᠠᠯ ᠨᠢ ︽ᠣᠨᠣᠯ + ᠪᠣᠳᠠᠲᠤ ᠠᠵᠢᠯᠯᠠᠭ᠎ᠠ︾ ᠶᠢᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠪᠠᠭᠰᠢ ᠠᠴᠠ ᠰᠤᠷᠤᠭᠴᠢᠳ ᠲᠤ ᠬᠠᠮᠢᠶ᠎ᠠ ᠪᠥᠬᠦᠶ ᠤᠷ᠎ᠠ ᠴᠢᠳᠠᠪᠤᠷᠢ ᠶᠢᠨ ᠮᠡᠳᠡᠯᠭᠡ ᠶᠢ | ᠨᠠᠷᠢᠨ ᠲᠠᠶᠢᠯᠪᠤᠷᠢᠯᠠᠨ ᠥᠭᠴᠦ᠂ ᠴᠠᠭ ᠲᠣᠬᠢᠷᠠᠭᠤᠯᠤᠨ ᠰᠤᠷᠤᠭᠴᠢᠳ ᠢ ᠢᠯᠢᠵᠦ ᠨᠤᠬᠤᠯᠠᠬᠤ ᠪᠣᠯᠪᠠᠰᠤᠷᠠᠯ | ᠬᠢᠯᠭᠡᠵᠦ᠂ ᠰᠤᠷᠤᠭᠴᠢᠳ ᠲᠤ ᠡᠷᠡᠭᠦᠯᠵᠢᠯ ᠤᠨ ᠢᠯᠢᠵᠦ ᠨᠤᠬᠤᠯᠠᠭᠴᠢ ᠶᠢᠨ ᠴᠢᠬᠤᠯᠠ ᠪᠥᠬᠦᠶ ᠤᠷ᠎ᠠ ᠴᠢᠳᠠᠪᠤᠷᠢ ᠶᠢ | ᠪᠥᠬᠦ ᠲᠠᠯ᠎ᠠ ᠪᠠᠷ ᠡᠵᠡᠮᠰᠢᠭᠦᠯᠵᠦ᠂ ᠢᠯᠢᠵᠦ ᠨᠤᠬᠤᠯᠠᠬᠤ ᠦᠨᠳᠦᠰᠦᠨ ᠠᠷᠭ᠎ᠠ ᠪᠠᠷᠢᠯ ᠢ ᠪᠣᠯᠪᠠᠰᠤᠷᠠᠩᠭᠤᠶ ᠬᠡᠷᠡᠭᠯᠡᠵᠦ᠂ | ᠠᠳᠠᠯᠢ ᠪᠤᠰᠤ ᠬᠡᠰᠡᠭ ᠤᠨ ᠡᠷᠡᠭᠦᠯᠵᠢᠯ ᠤᠨ ᠢᠯᠢᠵᠦ ᠨᠤᠬᠤᠯᠠᠬᠤ ᠠᠷᠭ᠎ᠠ ᠲᠡᠮ ᠶᠢ ᠵᠢᠭᠠᠭᠰᠠᠨ ᠪᠠᠶᠢᠨ᠎ᠠ᠃ | ᠣᠯᠠᠨ ᠢᠶᠠᠷ ᠢᠶᠠᠨ᠂ ᠡᠷᠡᠭᠦᠯᠵᠢᠯ ᠤᠨ ᠢᠯᠢᠵᠦ ᠨᠤᠬᠤᠯᠠᠬᠤ ᠪᠤᠯᠪᠠᠰᠤᠷᠠᠯ ᠢᠶᠠᠷ ᠳᠡᠮᠵᠢᠨ᠂ ᠣᠯᠠᠨ ᠤ ᠢᠯᠢᠵᠦ | ᠨᠤᠬᠤᠯᠠᠬᠤ ᠮᠡᠷᠭᠡᠵᠢᠯ ᠶᠢ ᠤᠯᠠᠮ ᠪᠣᠯᠪᠠᠰᠤᠷᠠᠩᠭᠤᠶ ᠪᠣᠯᠭᠠᠵᠤ᠂ ᠳᠤᠮᠳᠠᠳᠤ ᠮᠠᠶ᠋ᠢᠭ ᠤᠨ ᠭᠤᠯᠢᠷ ᠢᠳᠡᠭᠡᠨ ᠤ | ᠪᠣᠯᠪᠠᠰᠤᠷᠠᠯ ᠢᠶᠠᠷ ᠳᠡᠮᠵᠢᠨ᠂ ᠪᠢᠲᠡᠨ ᠤ ᠭᠤᠯᠢᠷ ᠢᠳᠡᠭᠡᠨ ᠬᠢᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ | ᠲᠦᠮᠡᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ ᠭᠡᠵᠠᠢ᠃ |