ᠬᠤᠸᠠᠩ ᡁᠢ ᠬᠤᠢ ᠠᠵᠢᠯ ᠦᠢᠯᠡᠰ ᠢᠶᠠᠨ ᠲᠡᠭᠡᠳᠤᠯᠠᠨ ᠡᠭᠦᠷᠭᠡ ᠬᠠᠷᠢᠭᠤᠴᠠᠯᠭ᠎ᠠ ᠪᠠᠨ ᠭᠥᠢᠴᠡᠤᠨᠬᠡᠵᠤ ᠶᠠᠪᠤᠨ᠎ᠠ
ᠨᠡᠶᠢᠲᠡᠯᠡᠭᠰᠡᠨ ᠴᠠᠭ᠄
2025/3/18
   ᠬᠤᠸᠠᠩ ᡁᠢ ᠬᠤᠢ 黄智慧 ᠪᠣᠯ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠥᠭᠡᠳ ᠮᠠᠨ ᠤ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠳ᠋ ᠤᠨ ᠵᠠᠰᠠᠭ ᠤᠨ ᠠᠵᠢᠯ ᠢ ᠬᠢᠭᠰᠡᠨ ᠠᠴᠠ ᠨᠠᠭᠠᠰᠢ᠂ ᠲᠡᠷᠡ ᠥᠪᠡᠷ ᠤᠨ ᠥᠢᠯᠠ ᠠᠵᠢᠯᠯᠠᠭ᠎ᠠ ᠪᠠᠷ ᠢᠶᠠᠨ ᠤᠯᠠᠨ ᠲᠥᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠤᠯᠠᠨ ᠵᠦᠢᠯ ᠤᠨ ᠢᠷᠠᠭᠤ ᠠᠯᠳᠠᠷ ᠢ ᠬᠦᠷᠲᠡᠪᠡ᠃    ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠬᠤᠸᠠᠩ ᡁᠢ ᠬᠤᠢ ᠢᠳᠡᠪᠬᠢᠲᠡᠶ ᠪᠠᠷ ᠵᠠᠰᠠᠭ ᠤᠨ ᠶᠠᠪᠤᠳᠠᠯ ᠳᠤ ᠣᠷᠣᠯᠴᠠᠨ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠪᠠᠶᠢᠴᠠᠭᠠᠨ ᠰᠤᠳᠤᠯᠤᠭᠴᠢ᠂ ᠦᠨᠡᠯᠡᠨ ᠵᠢᠱᠢᠭᠴᠢ ᠭᠡᠰᠢᠭᠦᠨ᠂ ᠬᠢᠨᠠᠯᠲᠠ ᠲᠠᠯᠪᠢᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠥᠢᠴᠡᠤᠨᠬᠡᠵᠤ ᠡᠭᠦᠷᠭᠡ ᠴᠢᠳᠠᠪᠤᠷᠢ ᠪᠠᠨ ᠲᠠᠰᠤᠷᠠᠯᠲᠠ ᠥᠬᠡᠶ ᠲᠡᠭᠡᠭᠰᠢᠯᠡᠭᠦᠯᠲᠡᠭ᠂ ᠲᠡᠷᠡ ᠨᠠᠮ ᠤᠨ ᠤᠨᠤᠯ ᠪᠠ ᠲᠦᠷᠦ ᠶᠢᠨ ᠪᠤᠳᠤᠯᠭ᠎ᠠ ᠶᠢ ᠰᠤᠷᠤᠯᠴᠠᠬᠤ ᠶᠢ ᠪᠠᠷᠢᠮᠲᠠᠯᠠᠵᠤ᠂ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠵᠡᠷᠭᠡ ᠡᠭᠦᠷᠭᠡ ᠴᠢᠳᠠᠪᠬᠢ ᠶᠢᠨ ᠲᠠᠯ᠎ᠠ ᠪᠠᠷ ᠶᠡᠭᠡ ᠣᠶᠢᠯᠠᠭᠠᠯᠲᠠ ᠪᠠ ᠲᠠᠨᠢᠯᠲᠠ ᠲᠠᠢ ᠪᠤᠯᠤᠭᠰᠠᠨ ᠪᠠᠶᠢᠨ᠎ᠠ᠃    ᠡᠳ᠋ ᠤᠨ ᠵᠠᠰᠠᠭ ᠤᠨ ᠠᠵᠢᠯ ᠤᠨ ᠳᠤᠮᠳᠠ᠂ ᠬᠤᠸᠠᠩ ᡁᠢ ᠬᠤᠢ ᠲᠥᠰᠦᠪ ᠤᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠣᠯᠠᠨ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠲᠥᠰᠦᠪ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠮᠠᠨ ᠤ ᠬᠤᠰᠢᠭᠤᠨ ᠤ ᠲᠥᠰᠦᠪ ᠤᠨ ᠬᠠᠮᠢᠶᠠᠷᠤᠯᠲᠠ ᠶᠢᠨ ᠠᠵᠢᠯ ᠪᠦᠬᠦ ᠠᠶᠢᠮᠠᠭ ᠲᠤ ᠲᠡᠷᠢᠭᠦᠯᠤᠭ᠍ᠰᠡᠨ ᠪᠠᠶᠢᠨ᠎ᠠ᠂ ᠲᠡᠷᠡ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠠᠵᠢᠯ ᠳᠤ ᠴᠢᠭᠯᠡᠭᠦᠯᠦᠨ ᠮᠠᠰᠢ ᠤᠯᠠᠨ ᠡᠷᠬᠢᠮ ᠨᠠᠨᠳᠢᠨ ᠰᠠᠨᠠᠭᠤᠯᠭ᠎ᠠ ᠳᠤᠷᠠᠳᠴᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠪᠡ᠃    ᠬᠤᠸᠠᠩ ᡁᠢ ᠬᠤᠢ ᠬᠡᠯᠡᠬᠦ ᠳᠤ ᠪᠠᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠤᠯᠤᠭᠰᠠᠨ ᠤ ᠬᠤᠪᠢ ᠳᠤ ᠵᠣᠬᠢᠶᠠᠨ ᠪᠠᠶᠢᠭᠤᠯᠤᠯᠲᠠ ᠶᠢᠨ ᠢᠲᠡᠭᠡᠯ᠂ ᠬᠤᠪᠢ ᠪᠠᠶ᠎ᠠ ᠶᠢᠨ ᠤᠮᠤᠭᠰᠢᠯ ᠪᠤᠯᠵᠤ ᠢᠷᠡᠭᠡᠳᠦᠢ ᠶᠢᠨ ᠠᠵᠢᠯ ᠳᠤ ᠪᠠᠨ ᠦᠷᠭᠦᠯᠵᠢᠯᠡᠨ ᠳᠠᠷᠤᠤ ᠬᠢᠴᠢᠶᠡᠩᠭᠦᠢ ᠣᠪᠣᠷ ᠢᠶᠠᠷ ᠬᠠᠨᠳᠤᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠶᠡᠷᠦᠩᠬᠡᠶᠢᠯᠡᠭᠰᠡᠨ ᠬᠡᠪ ᠴᠢᠨᠠᠷ ᠪᠣᠯᠤᠨ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠭᠡᠢ ᠲᠡᠭᠡᠭᠰᠢᠯᠡᠭᠦᠯᠤᠨ᠎ᠡ ᠭᠡᠵᠤ ᠪᠠᠶᠢᠯ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号