ᠵᠠᠩ ᠵᠢᠶᠠᠨ ᠹᠧᠩ ᠪᠣᠯ ᠮᠠᠨ ᠤ ᠬᠤᠰᠢᠭᠤᠨ ᠤ ᠴᠠᠭᠠᠠᠤᠪᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠪᠣᠯᠬᠤ ᠪᠥᠭᠡᠳ ᠰᠥᠨᠢᠳ ᠵᠡᠭᠦᠨ ᠬᠤᠰᠢᠭᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ᠎ᠠ᠃ ᠲᠡᠷᠡ ︽ᠤᠯᠤᠰ | ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ | ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ | ᠱᠠᠭᠠᠷᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠳᠤ | ᠣᠶᠢᠯᠡᠴᠢᠯᠡᠲᠡᠭ᠃ | 2023 ᠣᠨ ᠳᠤ᠂ ᠵᠠᠩ ᠵᠢᠶᠠᠨ ᠹᠧᠩ ᠴᠠᠭᠠᠠᠤᠪᠤᠭ᠎ᠠ ᠪᠠᠯᠭᠠᠰᠤᠨ ᠳᠤ ᠲᠤᠰᠢᠶᠠᠯ ᠡᠭᠦᠷᠭᠡᠯᠡᠭᠰᠡᠨ ᠠᠴᠠ | ᠨᠠᠭᠠᠰᠢ᠂ ︽ᠦᠨᠳᠦᠰᠦᠨ ᠱᠠᠲᠤᠨ ᠤ ᠰᠠᠭᠤᠷᠢ ᠶᠢ ᠬᠡᠷᠬᠢᠨ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠶᠢᠨ | ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠬᠤ︾ ᠨᠢ ᠲᠡᠭᠦᠨ ᠤ ᠡᠮᠦᠨ᠎ᠡ ᠲᠠᠯᠪᠢᠭᠳᠠᠵᠤ ᠪᠠᠶᠢᠭ᠎ᠠ ᠪᠣᠳᠠᠲᠤ | ︽ᠰᠡᠳᠦᠪ︾ ᠪᠣᠯᠵᠠᠢ᠃ ᠲᠡᠷᠡ ᠮᠠᠯᠴᠢᠨ ᠲᠦᠮᠡᠨ ᠢ ᠪᠠᠶᠠᠵᠢᠬᠤ ᠳᠤ ᠡᠷᠬᠡᠪᠰᠢ ᠨᠠᠮ ᠤᠨ ᠡᠭᠦᠷ ᠢᠶᠠᠨ | ᠬᠦᠴᠦᠷᠬᠡᠭᠵᠢᠭᠦᠯᠬᠦ ᠬᠡᠷᠡᠭᠲᠡᠢ ᠭᠡᠳᠡᠭ ᠢ ᠤᠶᠢᠯᠭᠠᠵᠤ᠂ ᠪᠠᠯᠭᠠᠰᠤᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ | ᠡᠩ ᠲᠡᠷᠢᠭᠦᠨ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠬᠤ ᠠᠴᠠ ᠭᠠᠷᠳᠠᠵᠤ᠂ ᠡᠯ᠎ᠡ ᠭᠠᠴᠠᠭᠠᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠱᠤᠭᠤᠮ | ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠮᠠᠯ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠤᠯᠤᠰ | ᠲᠦᠷᠦ ᠶᠢᠨ ᠤᠨᠤᠯ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ᠪᠠᠷᠢᠮᠵᠢᠶ᠎ᠠ ᠲᠠᠢ ᠬᠠᠷᠭᠤᠭᠤᠯᠵᠤ | ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠲᠠᠪᠤᠨ ᠬᠦᠴᠦᠷᠬᠡᠭ︾ ᠨᠠᠮ ᠤᠨ | ᠡᠭᠦᠷ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠠᠬᠢᠯᠡᠯᠲᠡ ᠶᠢᠨ ᠨᠠᠮ ᠤᠨ ᠡᠭᠦᠷ 3᠂ ᠪᠠᠲᠤ ᠴᠢᠩᠭ᠎ᠠ | ᠪᠠᠬᠢᠯᠡᠯᠲᠡ ᠶᠢᠨ ᠨᠠᠮ ᠤᠨ ᠡᠭᠦᠷ 1 ᠶᠢ ᠡᠭᠦᠳᠦᠨ ᠪᠠᠶᠢᠭᠤᠯᠵᠤ᠂ ᠨᠠᠮ ᠤᠨ ᠭᠡᠰᠢᠭᠦᠨ ᠤ ᠡᠭᠨᠡᠭᠡᠨ ᠤ | ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠴᠢᠩᠭᠠᠤᠨᠬᠠᠪᠠ᠃ | ᠲᠡᠷᠡ ᠡᠯ᠎ᠡ ᠭᠠᠴᠠᠭᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠮᠠᠯᠴᠢᠳ ᠤᠨ ᠰᠠᠨᠠᠯ ᠢ | ᠥᠷᠭᠡᠨ ᠢᠶᠠᠷ ᠰᠣᠨᠣᠰᠴᠤ᠂ ᠡᠯ᠎ᠡ ᠭᠠᠴᠠᠭᠠᠨ ᠤ ᠠᠵᠤ ᠦᠢᠯᠡᠰ ᠤᠨ ᠳᠠᠪᠠᠭᠤᠯᠢᠭ ᠤᠨ ᠠᠰᠢᠭᠲᠠᠢ ᠨᠥᠬᠦᠴᠡᠯ ᠢ | ᠭᠦᠢᠴᠡᠳ ᠣᠶᠢᠯᠠᠭᠠᠵᠤ᠂ ᠭᠤᠤᠯᠳᠠᠯᠭ᠎ᠠ ᠲᠠᠢ ᠠᠵᠤ ᠦᠢᠯᠡᠰᠵᠢᠭᠰᠡᠨ ᠲᠥᠷᠥᠯ ᠵᠦᠢᠯ ᠤᠨ | ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ︽ᠨᠠᠮ ᠤᠨ ᠵᠣᠬᠢᠶᠠᠨ ᠪᠠᠶᠢᠭᠤᠯᠤᠯᠲᠠ + ᠬᠤᠷᠰᠢᠶᠠᠵᠢᠯ + ᠠᠵᠤ | ᠠᠬᠤᠶᠢᠯᠠᠯ + ᠮᠠᠯᠵᠢᠬᠤ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ | ᠭᠠᠴᠠᠭᠠᠨ ᠤ ᠬᠠᠮᠲᠤ ᠶᠢᠨ ᠠᠵᠤ ᠠᠬᠤᠶ ᠪᠠ ᠮᠠᠯᠴᠢᠳ ᠤᠨ ᠬᠤᠤᠰ ᠣᠷᠣᠯᠭ᠎ᠠ ᠶᠢ ᠪᠡᠶᠡᠯᠡᠭᠦᠯᠬᠦ ᠶᠢ ᠳᠠᠶᠢᠴᠢᠯᠠᠪᠠ᠃ | ᠭᠠᠴᠠᠭᠠᠨ ᠤ ︽ᠭᠤᠷᠪᠠᠨ ᠡᠳ᠋ ᠬᠥᠷᠥᠩᠭᠡ︾ ᠶᠢᠨ ᠬᠠᠮᠢᠶᠠᠷᠤᠯᠲᠠ ᠶᠢ ᠴᠢᠬᠤᠯᠠᠴᠢᠯᠠᠨ ᠵᠢᠷᠤᠮᠵᠢᠭᠤᠯᠵᠤ᠂ | ᠭᠠᠴᠠᠭᠠᠨ ᠤ ᠬᠠᠮᠲᠤ ᠶᠢᠨ ᠨᠤᠳᠤᠭ ᠪᠡᠯᠴᠢᠭᠡᠷ᠂ ᠲᠡᠮᠦᠷ ᠮᠠᠯ᠂ ᠦᠷ᠎ᠡ ᠶᠢᠨ ᠮᠠᠯ᠂ ᠰᠢᠯᠵᠢᠯᠲᠡ ᠶᠢᠨ ᠰᠥᠷᠤᠭ᠌ ᠵᠡᠷᠭᠡ | ᠣᠲᠣ ᠶᠢᠨ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠭᠠᠴᠠᠭᠠᠨ ᠤ ᠲᠣᠰ ᠪᠡᠶ᠎ᠡ ᠶᠢᠨ ᠡᠵᠡᠩᠨᠡᠯᠲᠡ᠂ | ᠳᠠᠭᠠᠭᠠᠴᠢᠯᠠᠨ ᠡᠵᠡᠩᠨᠡᠬᠦ᠂ ᠲᠦᠷᠢᠶᠡᠰᠦᠯᠡᠨ ᠡᠵᠡᠩᠨᠡᠬᠦ ᠪᠠᠷ ᠳᠠᠮᠵᠢᠭᠤᠯᠤᠨ᠂ ᠭᠠᠴᠠᠭᠠᠨ ᠤ ᠬᠠᠮᠲᠤ ᠶᠢᠨ ᠠᠵᠤ | ᠠᠬᠤᠶ ᠳᠤ ᠣᠷᠣᠯᠭ᠎ᠠ ᠡᠭᠦᠳᠬᠦ ᠴᠡᠭ ᠢ ᠨᠡᠮᠡᠭᠳᠡᠭᠦᠯᠵᠦ᠂ 2024 ᠣᠨ ᠳᠤ ᠪᠥᠬᠦ ᠪᠠᠯᠭᠠᠰᠤᠨ ᠤ 4 ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠴᠥᠮ 20 ᠲᠦᠮᠡᠨ ᠲᠥᠭᠦᠷᠢᠭ ᠢ ᠳᠠᠪᠠᠪᠠ᠃ | 2023 ᠣᠨ ᠳᠤ᠂ ᠪᠠᠶᠠᠨᠳᠡᠨᠵᠢ ᠭᠠᠴᠠᠭ᠎ᠠ 169.8 ᠲᠦᠮᠡᠨ ᠲᠥᠭᠦᠷᠢᠭ ᠤᠨ ᠬᠠᠮᠲᠤ ᠶᠢᠨ ᠠᠵᠤ | ᠠᠬᠤᠶ ᠶᠢᠨ ᠰᠥᠨᠢᠳ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ | ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠪᠠᠶᠢᠭ᠎ᠠ ᠭᠠᠵᠠᠷ ᠨᠢ ᠲᠣᠤᠷ ᠢᠶᠠᠷ ᠴᠠᠬᠢᠯᠭᠠᠨ ᠨᠡᠪᠲᠡᠷᠡᠭᠰᠡᠨ ᠠᠴᠠ | ᠬᠡᠰᠡᠭ ᠲᠥᠷᠥᠯ ᠵᠦᠢᠯ ᠤᠨ ᠴᠢᠳᠠᠮᠵᠢ ᠶᠢ ᠪᠡᠶᠡᠯᠡᠭᠦᠯᠬᠦ ᠶᠢᠨ ᠠᠷᠭ᠎ᠠ ᠥᠬᠡᠶ ᠪᠣᠯᠵᠣ᠂ ᠭᠠᠴᠠᠭᠠᠨ ᠤ ᠬᠠᠮᠲᠤ ᠶᠢᠨ | ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠯ᠎ᠠ᠃ ᠡᠨᠡ ᠬᠦ ᠠᠰᠠᠭᠤᠳᠠᠯ ᠳᠤ ᠴᠢᠭᠯᠡᠭᠦᠯᠦᠨ᠂ ᠵᠠᠩ ᠵᠢᠶᠠᠨ | ᠹᠧᠩ ᠭᠠᠴᠠᠭᠠᠨ ᠤ ᠤᠳᠤᠷᠢᠳᠤᠯᠭ᠎ᠠ ᠠᠴᠠ ᠪᠠᠶᠢᠳᠠᠯ ᠢ ᠣᠶᠢᠯᠠᠭᠠᠵᠤ ᠮᠡᠲᠡᠭᠰᠡᠨ ᠤ ᠳᠠᠷᠠᠭ᠎ᠠ᠂ ︽ᠴᠠᠭᠠᠠᠤᠪᠤᠭ᠎ᠠ | ᠪᠠᠯᠭᠠᠰᠤᠨ ᠤ ᠪᠠᠶᠠᠨᠳᠡᠨᠵᠢ ᠭᠠᠴᠠᠭᠠᠨ ᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠲᠡᠤᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠰᠠᠨᠠᠭᠤᠯᠭ᠎ᠠ︾ ᠶᠢ ᠪᠢᠴᠢᠵᠦ᠂ ᠤᠯᠤᠰ ᠲᠥᠷᠥ ᠶᠢᠨ ᠵᠥᠪᠯᠡᠯᠭᠡᠨ ᠤ | ᠲᠠᠪᠴᠠᠩ ᠢ ᠠᠰᠢᠭᠯᠠᠨ ᠳᠡᠭᠡᠭᠰᠢ ᠳᠡᠪᠰᠢᠭᠦᠯᠵᠦ᠂ 2024 ᠣᠨ ᠤ 7 ᠰᠠᠷ᠎ᠠ ᠳᠤ᠂ ᠲᠥᠷᠥᠯ ᠵᠦᠢᠯ ᠤᠨ ᠪᠠᠶᠢᠭ᠎ᠠ | ᠭᠠᠵᠠᠷ ᠲᠤ ᠵᠢᠩᠬᠢᠨᠢ ᠪᠠᠷ ᠴᠠᠬᠢᠯᠭᠠᠨ ᠨᠡᠪᠲᠡᠷᠡᠭᠦᠯᠵᠦ᠂ ᠪᠣᠳᠠᠲᠠᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ | ᠬᠠᠮᠲᠤ ᠪᠠᠰᠠ ᠡᠷᠬᠢᠨ ᠲᠣᠭᠤᠷᠢᠨ ᠤ ᠮᠠᠯᠵᠢᠬᠤ ᠡᠷᠦᠬᠡ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠪᠡ᠃ | ᠵᠠᠩ ᠵᠢᠶᠠᠨ ᠹᠧᠩ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠶᠢᠨ | ᠬᠠᠮᠢᠶᠠᠷᠤᠯᠲᠠ ᠶᠢᠨ ᠲᠡᠷᠢᠭᠦᠨ ᠤ ᠬᠤᠪᠢ ᠬᠥᠮᠦᠨ᠂ ᠪᠥᠬᠦ ᠠᠶᠢᠮᠠᠭ ᠤᠨ ᠰᠢᠯᠢᠳᠡᠭ ᠨᠠᠮ ᠤᠨ ᠪᠠᠶᠢᠭᠤᠯᠤᠯᠲᠠ ᠶᠢᠨ | ᠠᠵᠢᠯ ᠤᠨ ᠵᠢᠭᠠᠨ ᠵᠢᠯᠣᠭᠤᠳᠣᠭᠴᠢ᠂ ᠪᠥᠬᠦ ᠬᠤᠰᠢᠭᠤᠨ ᠤ ᠰᠢᠯᠢᠳᠡᠭ ᠨᠠᠮ ᠤᠨ ᠠᠵᠢᠯ ᠤᠨ ᠠᠵᠢᠯᠲᠠᠨ᠂ ᠪᠥᠬᠦ | ᠬᠤᠰᠢᠭᠤᠨ ᠤ ᠰᠢᠨ᠎ᠡ ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠠᠵᠢᠯᠲᠠᠨ | ᠵᠢᠴᠢ ᠪᠥᠬᠦ ᠠᠶᠢᠮᠠᠭ᠂ ᠪᠥᠬᠦ ᠬᠤᠰᠢᠭᠤᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ | ᠰᠢᠯᠢᠳᠡᠭ ᠲᠡᠷᠢᠭᠦᠨ ᠤ ᠠᠵᠢᠯᠲᠠᠨ ᠵᠡᠷᠭᠡ ᠢᠷᠠᠭᠤ ᠠᠯᠳᠠᠷ ᠢ ᠭᠥᠷᠳᠡᠪᠡ᠃ |