ᠬᠠᠪᠤᠷ ᠤᠨ ᠤᠯᠠᠷᠢᠯ ᠪᠣᠯ ᠶᠠᠭ ᠮᠠᠯᠴᠢᠳ ᠤᠨ ᠲᠥᠯ ᠲᠤᠰᠴᠤ ᠪᠤᠶᠢᠵᠢᠭᠤᠯᠬᠤ ᠣᠷᠭᠢᠯ ᠤᠨ ᠬᠤᠭᠤᠴᠠᠭ᠎ᠠ | ᠪᠠᠶᠢᠵᠦ᠂ ᠡᠬᠡ ᠮᠠᠯ ᠤᠨ ᠤᠷᠤᠭᠰᠢᠲᠠᠶ ᠲᠦᠯᠯᠡᠭᠦ ᠶᠢ ᠪᠠᠲᠤᠯᠠᠨ᠂ ᠲᠥᠯ ᠶᠢ ᠠᠮᠤᠷ ᠮᠡᠨᠳᠦ ᠲᠤᠰᠬᠤ ᠨᠣᠷᠮ᠎ᠠ ᠶᠢ | ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤ ᠡᠷᠲᠡ ᠬᠥᠳᠡᠯᠦᠯᠴᠡᠵᠦ᠂ ᠡᠷᠲᠡ ᠲᠥᠯᠥᠪᠯᠡᠵᠦ᠂ ᠡᠷᠲᠡ | ᠪᠠᠶᠢᠷᠢᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠠᠪᠤᠷ ᠤᠨ ᠤᠯᠠᠷᠢᠯ ᠤᠨ ᠲᠥᠯ ᠲᠤᠰᠴᠤ | ᠪᠤᠶᠢᠵᠢᠭᠤᠯᠬᠤ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠵᠦ ᠪᠠᠶᠢᠨ᠎ᠠ᠃ | ᠤᠶᠢᠷ᠎ᠡ ᠶᠢᠨ ᠡᠳᠦᠷ᠂ ᠰᠤᠷᠪᠤᠯᠵᠢᠯᠠᠭᠴᠢ ᠬᠤᠰᠢᠭᠤ ᠪᠠᠶ᠋ᠬᠠᠠᠭᠤᠯᠠ ᠰᠤᠮᠤᠨ ᠤ ᠪᠠᠶᠠᠨᠲᠠᠯ᠎ᠠ ᠭᠠᠴᠠᠭᠠᠨ ᠤ | ᠮᠠᠯᠴᠢᠨ ᠬᠥᠭᠵᠢᠯᠲᠦ ᠶᠢᠨ ᠳᠤ ᠬᠦᠷᠬᠦ ᠳᠤ᠂ ᠬᠤᠷᠠᠭ᠎ᠠ ᠨᠤᠭᠤᠳ ᠨᠢ ᠳᠤᠯᠠᠭᠠᠨ ᠫᠧᠩ ᠳᠤ ᠪᠠᠨ ᠲᠤᠭᠯᠠᠨ ᠨᠠᠭᠠᠳᠴᠤ | ᠪᠠᠶᠢᠬᠤ ᠶᠢ ᠬᠠᠷᠠᠯ᠎ᠠ᠃ ᠬᠤᠶᠠᠷ ᠰᠠᠷ᠎ᠠ ᠠᠴᠠ ᠨᠠᠰᠢ᠂ ᠮᠠᠯᠴᠢᠨ ᠬᠥᠭᠵᠢᠯᠲᠦ ᠭᠡᠷ ᠤᠨ ᠬᠥᠮᠦᠰ ᠲᠠᠢ ᠪᠠᠨ ᠬᠠᠮᠲᠦ | ᠬᠤᠨᠢᠨ ᠬᠠᠰᠢᠶ᠎ᠡ ᠶᠢᠨ ᠬᠠᠮᠢᠶᠠᠷᠤᠯᠲᠠ ᠪᠣᠯᠤᠨ ᠬᠤᠷᠠᠭ᠎ᠠ ᠶᠢ ᠨᠠᠷᠢᠨ ᠨᠢᠮᠪᠠᠢ ᠬᠠᠷᠠᠭᠠᠯᠵᠠᠬᠤ ᠠᠵᠢᠯ ᠳᠤ | ᠤᠷᠤᠯᠴᠠᠭᠰᠠᠨ ᠪᠠᠶᠢᠨ᠎ᠠ᠃ ᠨᠠᠷᠢᠨ ᠨᠢᠮᠪᠠᠶ ᠠᠷᠠᠴᠢᠯᠠᠬᠤ ᠪᠠᠷ ᠳᠡᠮᠵᠢᠨ᠂ ᠣᠳᠣᠬᠠᠨ ᠳᠤ ᠨᠢᠭᠡᠨᠲᠡ 30 ᠭᠠᠷᠤᠶ | ᠬᠤᠷᠠᠭ᠎ᠠ ᠲᠤᠰᠴᠤ᠂ ᠬᠥᠭᠵᠢᠯᠲᠦ ᠶᠢᠨ ᠣᠯᠠᠨ ᠵᠢᠯ ᠤᠨ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠷ᠂ ᠲᠡᠳᠡᠨᠠᠬᠢ | ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠵᠦ᠂ ᠬᠠᠰᠢᠶ᠎ᠠ ᠰᠠᠷᠠᠪᠴᠢ ᠶᠢ ᠳᠤᠯᠠᠭᠠᠯᠠᠬᠤ᠂ ᠰᠢᠨᠵᠢᠯᠡᠬᠦ | ᠤᠬᠠᠭᠠᠨᠴᠢ ᠪᠠᠷ ᠲᠡᠵᠢᠭᠡᠨ ᠠᠷᠠᠴᠢᠯᠠᠬᠤ ᠵᠢᠴᠢ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠡᠷᠲᠡ | ᠪᠤᠷᠤᠯᠠᠭᠤᠯᠬᠤ᠂ ᠡᠷᠲᠡ ᠠᠰᠢᠭ ᠤᠯᠬᠤ ᠵᠡᠷᠭᠡ ᠠᠷᠭ᠎ᠠ ᠬᠡᠮᠵᠢᠶ᠎ᠡ ᠶᠢ ᠠᠪᠤᠭᠰᠠᠨ ᠠᠴᠠ ᠲᠦᠯ ᠮᠠᠯ ᠤᠨ ᠪᠤᠶᠢᠵᠢᠯᠲᠠ | ᠲᠦᠢᠯ ᠤᠨ ᠰᠠᠶᠢᠨ ᠪᠠᠶᠢᠨ᠎ᠠ᠃ | ᠰᠤᠷᠪᠤᠯᠵᠢᠯᠠᠭᠴᠢ ᠬᠤᠰᠢᠭᠤ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠠᠴᠠ ᠣᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠬᠠᠪᠤᠷ ᠤᠨ | ᠤᠯᠠᠷᠢᠯ ᠤᠨ ᠲᠥᠯ ᠲᠤᠰᠴᠤ ᠪᠦᠵᠢᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠦ᠂ ᠨᠡᠶᠢᠲᠡ 12478 ᠲᠥᠯ | ᠲᠣᠰᠴᠤ᠂ ᠠᠮᠤᠷ ᠮᠡᠨᠳᠦ ᠲᠤᠰᠤᠭᠰᠠᠨ ᠨᠣᠷᠮ᠎ᠠ ᠨᠢ 99.6% ᠳᠤ ᠬᠦᠷᠴᠦ᠂ ᠡᠨᠡ ᠵᠢᠯ 65 ᠲᠦᠮᠡᠨ ᠲᠥᠯ | ᠲᠤᠰᠬᠤ ᠪᠠᠷ ᠪᠠᠶᠢᠨ᠎ᠠ᠃ |