ᠲᠠᠨ᠎ᠠ᠄ ᠬᠠᠶᠢᠷ᠎ᠠ ᠪᠠ ᠣᠶᠤᠨ ᠤᠬᠠᠭᠠᠨ ᠢᠶᠠᠷ ᠢᠷᠡᠭᠡᠳᠦᠢ ᠪᠠᠨ ᠭᠡᠶᠢᠭᠦᠯᠦᠨ᠎ᠡ
ᠨᠡᠶᠢᠲᠡᠯᠡᠭᠰᠡᠨ ᠴᠠᠭ᠄
2025/3/18
   ᠬᠤᠰᠢᠭᠤ ᠰᠤᠷᠭᠠᠨ ᠬᠥᠮᠦᠵᠢᠯ ᠤᠨ ᠬᠦᠷᠢᠶᠡᠨ ᠳᠤ ᠢᠮᠦ ᠨᠢᠭᠡᠨ ᠡᠭᠡᠯ ᠵᠢᠷ ᠤᠨ ᠡᠮᠡᠭᠲᠡᠢ ᠪᠠᠶᠢᠵᠦ᠂ ᠲᠡᠷᠡ ᠡᠷᠡᠰ ᠪᠠᠲᠤ ᠢᠲᠡᠭᠡᠯ ᠵᠣᠷᠢᠭ᠂ ᠭᠤᠶᠠᠴᠢ ᠦᠭᠡᠢ ᠵᠢᠳᠭᠦᠯ ᠪᠣᠯᠤᠨ ᠴᠦᠬᠦᠷᠠᠰᠢ ᠦᠭᠡᠢ ᠴᠢᠷᠮᠠᠢᠯᠭ᠎ᠠ ᠪᠠᠷ ᠥᠪᠡᠷ ᠤᠨ ᠰᠤᠷᠭᠠᠨ ᠬᠥᠮᠦᠵᠢᠯ ᠤᠨ ᠬᠠᠭᠤᠳᠠᠰᠤ ᠪᠠᠨ ᠪᠢᠴᠢᠭᠯᠡᠵᠦ ᠶᠠᠪᠤᠨ᠎ᠠ᠂ ᠲᠡᠷᠡ ᠪᠣᠯ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠲᠠᠨ᠎ᠠ ᠪᠤᠯᠤᠨ᠎ᠠ᠃ ︽3 · 8︾ ᠤ ᠳᠡᠯᠡᠬᠡᠢ ᠶᠢᠨ ᠡᠮᠡᠭᠲᠡᠢᠴᠦᠳ ᠤᠨ ᠪᠠᠶᠠᠷ ᠤᠨ ᠬᠤᠭᠤᠴᠠᠭᠠᠨ ᠳᠤ᠂ ᠪᠢᠳᠡ ᠬᠠᠮᠲᠤ ᠪᠠᠷ ᠲᠡᠭᠦᠨ ᠤ ᠦᠯᠢᠭᠡᠷ ᠲᠤ ᠰᠤᠨᠢᠷᠬᠠᠵᠦ᠂ ᠡᠨᠡ ᠰᠤᠷᠭᠠᠨ ᠬᠦᠮᠤᠵᠢᠭᠦᠯᠦᠭᠴᠢ ᠢ ᠤᠶᠢᠯᠭᠠᠶ᠎ᠡ᠃    2013 ᠣᠨ ᠤ 9 ᠳ᠋ᠤᠭᠠᠷ ᠰᠠᠷ᠎ᠠ ᠳᠤ ᠠᠵᠢᠯ ᠳᠤ ᠣᠷᠣᠭᠰᠠᠨ ᠠᠴᠠ ᠨᠠᠰᠢ᠂ ᠲᠠᠨ᠎ᠠ ᠥᠪᠡᠷ ᠤᠨ ᠬᠠᠯᠠᠭᠤᠨ ᠰᠡᠳᠬᠢᠯᠭᠡ ᠪᠠ ᠵᠠᠯᠠᠭᠤ ᠨᠠᠰᠤ ᠪᠠᠨ ᠡᠨᠡᠬᠦ ᠰᠤᠷᠭᠠᠨ ᠬᠥᠮᠦᠵᠢᠯ ᠤᠨ ᠬᠠᠯᠠᠭᠤᠨ ᠬᠥᠷᠥᠰᠥᠨ ᠳᠤ ᠵᠣᠷᠢᠭᠤᠯᠪᠠ᠃ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠳᠤ᠂ ᠲᠡᠷᠡ ᠠᠩᠭᠢ ᠶᠢᠨ ᠡᠷᠬᠢᠯᠡᠭᠴᠢ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠬᠤ ᠪᠠᠷ ᠪᠠᠷᠠᠬᠤ ᠥᠬᠡᠶ᠂ ᠪᠠᠰᠠ ᠬᠡᠯᠡ ᠪᠢᠴᠢᠭ ᠤᠨ ᠰᠢᠨᠵᠢᠯᠡᠭᠡᠨ ᠤ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠬᠠᠶᠢᠷ᠎ᠠ ᠪᠠ ᠬᠠᠷᠢᠭᠤᠴᠠᠯᠭ᠎ᠠ ᠪᠠᠷ ᠰᠣᠷᠣᠭᠴᠢ ᠨᠢᠭᠡᠪᠦᠷᠢ ᠶᠢᠨ ᠦᠰᠦᠨ ᠪᠤᠶᠢᠵᠢᠯᠲᠠ ᠶᠢ ᠬᠥᠲᠥᠯᠦᠨ ᠵᠢᠯᠣᠭᠤᠳᠴᠤ ᠪᠣᠶ᠃ ᠲᠡᠷᠡ ᠵᠢᠭᠠᠨ ᠰᠤᠷᠭᠠᠬᠤ ᠠᠵᠢᠯ ᠤᠨ ᠳᠤᠮᠳᠠ᠂ ᠨᠠᠷᠢᠨ ᠬᠢᠨᠠᠮᠠᠭᠠᠶ ᠬᠠᠷᠢᠭᠤᠴᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠭᠠᠨ ᠰᠤᠷᠭᠠᠬᠤ ᠠᠷᠭ᠎ᠠ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠵᠢᠭᠠᠨ ᠰᠤᠷᠭᠠᠬᠤ ᠶᠠᠰᠤ ᠴᠢᠨᠠᠷ ᠢᠶᠠᠨ ᠴᠢᠷᠮᠠᠶᠢᠨ ᠲᠡᠭᠡᠭᠰᠢᠯᠡᠭᠦᠯᠵᠠᠢ᠃ ᠲᠡᠭᠦᠨ ᠤ ᠬᠦᠴᠦ ᠬᠥᠳᠡᠯᠮᠦᠷᠢ ᠪᠠ ᠴᠢᠷᠮᠠᠶᠢᠯᠭ᠎ᠠ ᠨᠢ ᠪᠤᠰᠤᠳ ᠤᠨ ᠵᠥᠪᠰᠢᠶᠡᠷᠡᠯ ᠪᠠ ᠮᠠᠭᠲᠠᠭᠠᠯ ᠰᠠᠶᠢᠰᠢᠶᠠᠯ ᠢ ᠣᠯᠵᠤ᠂ ᠤᠷᠢᠳ ᠬᠤᠵᠢᠳ ᠬᠤᠰᠢᠭᠤ ᠲᠠᠰ ᠤᠨ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ᠂ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠪᠥᠬᠦ ᠠᠶᠢᠮᠠᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠡᠷᠢᠭᠦᠨ ᠤ ᠬᠤᠪᠢ ᠬᠥᠮᠦᠨ ᠵᠡᠷᠭᠡ ᠢᠷᠠᠭᠤ ᠠᠯᠳᠠᠷ ᠢ ᠭᠥᠷᠳᠡᠵᠦ᠂ ᠲᠡᠭᠦᠨ ᠤ ᠳᠠᠭᠠᠭᠤᠯᠤᠭᠰᠠᠨ ᠠᠩᠭᠢ ᠪᠥᠬᠦ ᠠᠶᠢᠮᠠᠭ ᠤᠨ ᠰᠢᠯᠢᠳᠡᠭ ᠠᠩᠭᠢ ᠶᠢᠨ ᠬᠠᠮᠲᠤ ᠨᠡᠶᠢᠲᠡ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃    2021 ᠣᠨ ᠳᠤ᠂ ᠲᠠᠨ᠎ᠠ ᠳᠡᠭᠡᠷ᠎ᠡ ᠱᠠᠳᠤᠨ ᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠥᠬᠦ ᠠᠶᠢᠮᠠᠭ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠶ ᠨᠠᠶᠢᠷᠠᠭᠤᠯᠤᠭᠰᠠᠨ ︽ᠭᠤᠷᠪᠠᠨ ᠬᠢᠴᠢᠶᠡᠯ ᠲᠥᠷᠥᠯ︾ ᠤᠨ ᠰᠤᠷᠭᠠᠨ ᠬᠥᠮᠦᠵᠢᠯ ᠢ ᠳᠡᠮᠵᠢᠬᠦ ᠠᠵᠢᠯ ᠳᠤ ᠣᠷᠣᠯᠴᠠᠵᠤ᠂ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠢ ᠳᠡᠮᠵᠢᠪᠡ᠃ ᠲᠡᠷᠡ ᠰᠤᠷᠭᠠᠨ ᠬᠥᠮᠦᠵᠢᠯ ᠢ ᠳᠡᠮᠵᠢᠬᠦ ᠠᠵᠢᠯ ᠤᠨ ᠴᠢᠬᠤᠯᠠ ᠴᠢᠨᠠᠷ ᠪᠠ ᠠᠴᠢ ᠬᠤᠯᠪᠣᠭᠳᠠᠯ ᠢ ᠭᠦᠨᠵᠡᠭᠡᠶ ᠤᠶᠢᠯᠭᠠᠳᠠᠭ ᠪᠤᠯᠬᠤᠷ᠂ ᠰᠤᠷᠭᠠᠨ ᠬᠥᠮᠦᠵᠢᠯ ᠢ ᠳᠡᠮᠵᠢᠬᠦ ᠬᠤᠭᠤᠴᠠᠭᠠᠨ ᠳᠤ ᠲᠡᠷᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠭᠤᠶᠢᠳᠠ ᠰᠠᠶᠢᠬᠠᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠪᠠᠷ ᠰᠤᠷᠭᠠᠨ ᠬᠥᠮᠦᠵᠢᠯ ᠢ ᠲᠡᠮᠵᠢᠵᠦ᠂ ᠰᠤᠷᠭᠠᠭᠤᠯᠢ ᠶᠢᠨ ᠰᠤᠷᠤᠭᠴᠢᠳ ᠲᠤ ᠮᠡᠳᠡᠯᠭᠡ ᠪᠠ ᠬᠦᠰᠡᠯ ᠡᠷᠡᠮᠡᠯᠵᠡᠯ ᠠᠪᠴᠢᠷᠠᠵᠤ ᠦᠭᠭᠦᠭᠰᠡᠨ ᠪᠠᠶᠢᠨ᠎ᠠ᠃ ᠲᠠᠨ᠎ᠠ ᠪᠥᠬᠦ ᠠᠶᠢᠮᠠᠭ ᠤᠨ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠲᠤ ᠣᠷᠤᠭᠰᠠᠨ ᠨᠢ ᠲᠡᠭᠦᠨ ᠳᠤ ᠨᠠᠩ ᠥᠷᠭᠡᠨ ᠠᠭᠤᠳᠠᠮ ᠦᠵᠡᠭᠦᠯᠭᠡ ᠶᠢᠨ ᠲᠠᠪᠴᠠᠩ ᠬᠠᠩᠭᠠᠭᠰᠠᠨ ᠪᠠᠶᠢᠨ᠎ᠠ᠃ ᠲᠡᠷᠡ ᠠᠵᠢᠯᠯᠠᠬᠤ ᠲᠠᠰᠤᠭ ᠤᠨ ᠬᠠᠮᠲᠤ ᠠᠵᠢᠯᠲᠠᠨ ᠢᠶᠠᠨ ᠳᠠᠭᠠᠵᠤ᠂ ᠤᠷᠢᠳ ᠬᠤᠵᠢᠳ ᠰᠢᠯᠤᠭᠤᠨ ᠬᠥᠬᠡ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠡᠷᠢᠶᠡᠨ ᠬᠤᠲᠠ᠂ ᠲᠠᠶᠢᠹᠣᠰᠧ ᠬᠤᠰᠢᠭᠤᠨ ᠳᠤ ᠬᠦᠷᠴᠦ ᠦᠨᠳᠦᠰᠦᠨ ᠱᠠᠲᠤᠨ ᠳᠤ ᠦᠢᠯᠡᠴᠢᠯᠡᠵᠦ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠥᠷᠨᠢᠭᠦᠯᠪᠡ᠃ ᠡᠳᠡᠭᠡᠷ ᠠᠵᠢᠯᠯᠠᠭ᠎ᠠ ᠶᠢᠨ ᠳᠤᠮᠳᠠ ᠲᠡᠷᠡ ᠰᠤᠷᠭᠠᠨ ᠬᠥᠮᠦᠵᠢᠯ ᠢ ᠳᠡᠮᠵᠢᠬᠦ ᠵᠢᠱᠢᠶ᠎ᠡ ᠦᠵᠡᠭᠦᠯᠬᠦ ᠬᠢᠴᠢᠶᠡᠯ ᠳᠡᠭᠡᠨ ᠥᠪᠡᠷ ᠤᠨ ᠵᠢᠭᠠᠨ ᠰᠤᠷᠭᠠᠯᠲᠠ ᠶᠢᠨ ᠲᠤᠷᠰᠢᠯᠭ᠎ᠠ ᠪᠠ ᠣᠯᠤᠯᠲᠠ ᠲᠥᠷᠥᠭᠳᠡᠯ ᠢᠶᠠᠨ ᠢᠳᠡᠪᠬᠢᠲᠡᠶ ᠬᠤᠪᠢᠶᠠᠯᠴᠠᠵᠤ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠥᠷᠭᠡᠨ ᠤᠯᠠᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠥᠭᠡᠳ ᠠᠶᠢᠮᠠᠭ ᠤᠨ ᠱᠠᠲᠤᠨ ᠤ ᠵᠢᠱᠢᠶ᠎ᠡ ᠦᠵᠡᠭᠦᠯᠬᠦ ᠬᠢᠴᠢᠶᠡᠯ ᠤᠨ ᠦᠨᠡᠮᠯᠡᠯ ᠢ ᠣᠯᠤᠭᠰᠠᠨ ᠪᠠᠶᠢᠨ᠎ᠠ᠃    ᠲᠠᠨ᠎ᠠ ᠪᠣᠳᠠᠲᠤ ᠠᠵᠢᠯᠯᠠᠭ᠎ᠠ ᠪᠠᠷ ᠢᠶᠠᠨ ᠶᠠᠭᠤ ᠶᠢ ᠬᠠᠷᠢᠭᠤᠴᠠᠯᠭ᠎ᠠ᠂ ᠶᠠᠭᠤ ᠶᠢ ᠬᠠᠷᠢᠭᠤᠴᠠᠯᠭ᠎ᠠ ᠡᠭᠦᠷᠭᠡᠯᠡᠬᠦ᠂ ᠶᠠᠭᠤ ᠶᠢ ᠬᠤᠪᠢ ᠨᠡᠮᠡᠷᠢ ᠦᠵᠡᠭᠦᠯᠬᠦ ᠶᠢ ᠲᠠᠶᠢᠯᠪᠤᠷᠢᠯᠠᠭᠰᠠᠨ ᠰᠢᠯᠢᠳᠡᠭ ᠪᠠᠭᠰᠢ ᠪᠣᠯᠬᠤ ᠪᠠᠷ ᠪᠠᠷᠠᠬᠤ ᠦᠭᠡᠢ᠂ ᠨᠡᠩ ᠴᠤ ᠬᠠᠶᠢᠷ᠎ᠠ ᠬᠠᠯᠠᠮᠵᠢ ᠪᠢᠯᠬᠠᠭᠰᠠᠨ ᠣᠶᠤᠨ ᠪᠢᠯᠢᠭᠲᠦ ᠡᠮᠡᠭᠲᠡᠢ ᠬᠥᠮᠦᠨ᠂ ᠢᠷᠡᠭᠡᠳᠦᠢ ᠶᠢᠨ ᠰᠤᠷᠭᠠᠨ ᠬᠥᠮᠦᠵᠢᠯ ᠤᠨ ᠤᠶᠢᠯᠡᠰ ᠲᠡᠭᠡᠨ ᠥᠪᠡᠷ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠦ ᠶᠠᠪᠤᠭ᠎ᠠ ᠭᠠᠷᠮᠠᠭᠠᠢ ᠴᠢᠳᠠᠪᠤᠷᠢᠲᠠᠨ ᠪᠤᠯᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号