ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠵᠠᠭᠤ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/18
   1 ᠳ᠋ᠤᠭᠡᠷ ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠵᠠᠭᠤ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠪᠠ ᠪᠥᠬᠦ ᠬᠤᠰᠢᠭᠤᠨ ᠤ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠲᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠵᠤ ᠠᠬᠤᠶ ᠶᠢᠨ ᠠᠵᠢᠯ ᠳᠠᠬᠢ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠷᠡᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ 2025 ᠣᠨ ᠤ ᠠᠵᠢᠯ ᠤᠨ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠰᠠᠨ ᠪᠠᠶᠢᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ᠂ ᠪᠥᠬᠦ ᠬᠤᠰᠢᠭᠤᠨ ᠤ ᠬᠤᠶᠠᠷ ᠬᠤᠷᠠᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠥᠢᠯ ᠤᠨ ᠪᠡᠯᠡᠳᠬᠡᠯ ᠠᠵᠢᠯ ᠢ ᠨᠠᠷᠢᠯᠢᠭ ᠠᠳᠬᠤᠵᠤ᠂ ᠪᠣᠳᠠᠲᠠᠶ ᠬᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠷᠠᠯ ᠤᠨ ᠶᠠᠪᠤᠳᠠᠯ ᠤᠨ ᠲᠤᠬᠢᠷᠠᠭᠤᠯᠤᠯᠳᠠ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢ ᠨᠠᠷᠢᠨ ᠨᠢᠮᠪᠠᠢ᠂ ᠥᠨᠳᠥᠷ ᠪᠦᠲᠦᠮᠵᠢᠲᠡᠢ ᠰᠠᠶᠢᠲᠤᠷ ᠬᠢᠵᠦ᠂ ᠬᠤᠷᠠᠯ ᠤᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠵᠤ᠂ ᠬᠤᠷᠠᠯ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠪᠠᠶᠢᠳᠠᠯ ᠢ ᠬᠤᠪᠢᠰᠤᠩᠭᠤᠢ ᠪᠠᠷ ᠵᠠᠳᠠᠯᠵᠤ᠂ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠰᠢᠨ᠎ᠡ ᠵᠢᠯ ᠤᠨ ᠡᠬᠢᠯᠡᠯᠲᠡ ᠶᠢᠨ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃    ᠬᠤᠰᠢᠭᠤ ᠨᠠᠮ ᠤᠨ ᠬᠤᠷᠢᠶ᠋ᠨᠨ ᠤ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠬᠤᠰᠢᠭᠤ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤ ᠳᠠᠷᠤᠭ᠎ᠠ᠂ ᠬᠤᠰᠢᠭᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号