ᠬᠤᠰᠢᠭᠤ ᠠᠷᠠᠳ ᠤᠨ ᠵᠠᠰᠠᠭ ᠤᠨ ᠣᠷᠳᠣᠨ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠲᠥᠯᠥᠭᠡᠯᠡᠭᠴᠢᠳ ᠲᠠᠢ ᠰᠠᠭᠤᠲᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/18
   1 ᠳ᠋ᠦ᠋ᠭᠡᠷ ᠰᠠᠷ᠎ᠠ ᠶᠢᠨ 8 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠲᠥᠯᠥᠭᠡᠯᠡᠭᠴᠢᠳ ᠲᠠᠢ ᠰᠠᠭᠤᠲᠠᠯ ᠤᠨ ᠬᠤᠷᠠᠯ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠤᠷᠠᠭ︶︾ ᠪᠠ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠰᠢᠭᠤ ᠤᠳᠤᠷᠢᠳᠤᠯᠭ᠎ᠠ ᠼᠦᠩ ᠮᠧᠶ᠂ ᠮᠦᠷᠡᠨ᠂ ᠸᠠᠩ ᠳ᠋ᠧ ᠮᠢᠩ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ 2024 ᠣᠨ ᠤ ᠪᠥᠬᠦ ᠬᠤᠰᠢᠭᠤᠨ ᠤ ᠬᠥᠭᠵᠢᠯᠲᠡ ᠶᠢᠨ ᠦᠷ᠎ᠡ ᠪᠦᠲᠦᠮᠵᠢ ᠪᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ 2025 ᠣᠨ ᠤ ᠪᠥᠬᠦ ᠬᠤᠰᠢᠭᠤᠨ ᠤ ᠬᠥᠭᠵᠢᠯᠲᠡ ᠶᠢᠨ ᠬᠠᠷᠠᠯᠲᠠ ᠪᠠ ᠠᠵᠢᠯ ᠤᠨ ᠲᠣᠬᠢᠷᠠᠭᠤᠯᠤᠯᠲᠠ ᠶᠢ ᠵᠥᠪᠰᠢᠶᠡᠷᠡᠬᠦ ᠶᠢᠨ ᠬᠠᠮᠲᠤ ᠲᠣᠰ ᠪᠡᠶ᠎ᠡ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃    ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ᠂ ᠱᠤᠸᠠᠩ ᠪᠦᠦ ᠠᠴᠠ᠂ ᠲᠣᠰ ᠤᠳᠠᠭᠠᠨ ᠤ ᠬᠤᠷᠠᠯ ᠪᠣᠯ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠭᠡᠳ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠥᠭᠵᠢᠯᠲᠡ ᠶᠢ ᠰᠦᠪᠡᠭᠴᠢᠯᠡᠬᠦ ᠶᠢᠨ ᠴᠢᠬᠤᠯᠠ ᠢᠯᠡᠷᠡᠯ ᠮᠥᠨ᠂ ᠪᠠᠰᠠ ᠴᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠣᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠨᠢ ᠪᠤᠰᠤᠳᠴᠢ ᠪᠥᠭᠡᠳ ᠣᠨᠣᠪᠴᠢᠲᠠᠶ᠂ ᠪᠣᠳᠠᠲᠠᠶ ᠶᠢ ᠡᠷᠬᠢᠮᠯᠡᠭᠰᠡᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠵᠤ᠂ ᠬᠤᠰᠢᠭᠤ ᠵᠠᠰᠠᠭ ᠤᠨ ᠣᠷᠳᠣᠨ ᠨᠠᠷᠢᠨ ᠬᠢᠨᠠᠮᠠᠭᠠᠶ ᠡᠮᠬᠢᠯᠡᠵᠦ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠠᠭᠤᠯᠭ᠎ᠠ ᠶᠢ ᠲᠡᠭᠦᠯᠳᠡᠷᠵᠢᠭᠦᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠪᠠᠷ ᠴᠠᠷᠮᠠᠶᠢᠨ᠎ᠠ ᠭᠡᠪᠡ᠃    ᠱᠤᠸᠠᠩ ᠪᠦᠦ ᠠᠴᠠ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠠᠴᠠ ᠰᠠᠯᠵᠤ ᠴᠢᠳᠠᠬᠤ ᠥᠬᠡᠶ᠃ ᠣᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠦᠷᠭᠦᠯᠵᠢᠯᠡᠨ ᠳᠡᠮᠵᠢᠨ ᠬᠢᠨᠠᠯᠲᠠ ᠲᠠᠯᠪᠢᠵᠤ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠯᠡᠭᠦᠬᠡᠨ ᠰᠦᠪᠡᠭᠴᠢᠯᠡᠵᠦ᠂ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠤᠶᠢᠯᠠᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号