1 ᠳ᠋ᠤᠭᠡᠷ ᠰᠠᠷ᠎ᠠ ᠶᠢᠨ 12 ᠤᠨ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠤᠷᠤᠯᠴᠠᠵᠦ ᠪᠠᠶᠢᠭ᠎ᠠ ᠲᠥᠯᠥᠭᠡᠯᠡᠭᠴᠢ | ᠪᠦᠯᠬᠦᠮ ᠬᠤᠪᠢᠶᠠᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠥᠯᠥᠪᠯᠡᠭᠡ ᠶᠢᠨ | ᠮᠡᠳᠡᠭᠦᠯᠦᠯᠲᠡ᠂ ᠡᠳ᠋ ᠤᠨ ᠵᠠᠰᠠᠭ ᠤᠨ ᠮᠡᠳᠡᠭᠦᠯᠦᠯᠲᠡ ᠶᠢ ᠶᠠᠷᠢᠯᠴᠠᠵᠤ ᠬᠢᠨᠠᠨ ᠵᠥᠪᠯᠡᠪᠡ᠃ ᠬᠤᠰᠢᠭᠤ ᠨᠠᠮ ᠤᠨ | ᠬᠤᠷᠢᠶᠡᠨ ᠤ ᠱᠦᠵᠢ ᠸᠠᠩ ᠶᠦᠩ ᠵᠢᠶᠦ᠋ᠨ᠂ ᠬᠤᠰᠢᠭᠤ ᠨᠠᠮ ᠤᠨ ᠬᠤᠷᠢᠶᠡᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠳᠠᠷᠤᠭ᠎ᠠ ᠱᠤᠸᠠᠩ ᠪᠦᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠢᠢ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠡᠴᠡᠨᠪᠢᠯᠢᠭ ᠵᠡᠷᠭᠡ ᠤᠳᠤᠷᠢᠳᠤᠯᠭ᠎ᠠ | ᠲᠣᠰ ᠲᠣᠰ ᠡᠯ᠎ᠡ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ᠃ | ᠸᠠᠩ ᠶᠦᠩ ᠵᠢᠶᠦ᠋ᠨ ᠳᠥᠷᠪᠡᠳᠦᠭᠡᠷ ᠲᠥᠯᠥᠭᠡᠯᠡᠭᠴᠢᠳ ᠤᠨ ᠪᠦᠯᠬᠦᠮ᠂ ᠲᠠᠪᠤᠳᠤᠭᠠᠷ ᠲᠥᠯᠥᠭᠡᠯᠡᠭᠴᠢᠳ ᠤᠨ | ᠪᠦᠯᠬᠦᠮ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠡᠷᠭᠡ ᠡᠯ᠎ᠡ ᠵᠦᠢᠯ ᠤᠨ ᠢᠯᠡᠳᠬᠡᠯ ᠢ ᠰᠤᠳᠤᠯᠤᠨ ᠶᠠᠷᠢᠯᠴᠠᠪᠠ᠃ | ᠸᠠᠩ ᠶᠦᠩ ᠵᠢᠶᠦ᠋ᠨ ᠬᠡᠯᠡᠬᠦ ᠳᠡᠭᠡᠨ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠥᠩᠭᠡᠷᠡᠭᠰᠡᠨ ᠢᠶᠠᠨ ᠳ᠋ᠦᠩᠨᠡᠵᠦ ᠢᠷᠡᠭᠡᠳᠦᠶ ᠪᠠᠨ ᠲᠥᠯᠥᠪᠵᠢᠭᠦᠯᠦᠭᠰᠡᠨ ᠨᠢ ᠴᠥᠮ ︽ᠠᠷᠠᠳ ᠲᠦᠮᠡᠨ ᠤ ᠬᠦᠰᠡᠯ | ᠡᠷᠡᠮᠡᠯᠵᠡᠯ ᠪᠣᠯ ᠰᠠᠶ᠋ᠢ ᠵᠠᠰᠠᠭ ᠶᠠᠪᠤᠭᠤᠯᠬᠤ ᠴᠢᠭᠯᠡᠯ︾ ᠭᠡᠬᠦ ᠲᠥᠷᠥ ᠪᠠᠷᠢᠬᠤ ᠣᠶᠢᠯᠠᠭᠠᠭᠳᠠᠬᠤᠨ ᠢ ᠭᠦᠢᠴᠡᠳ | ᠢᠯᠡᠷᠡᠭᠦᠯᠵᠦ᠂ ᠲᠥᠯᠥᠭᠡᠯᠡᠭᠴᠢᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠭᠦᠨᠵᠡᠭᠡᠶ ᠰᠤᠳᠤᠯᠤᠨ | ᠤᠩᠰᠢᠵᠤ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠵᠣᠷᠢᠭ ᠰᠠᠨᠠᠭ᠎ᠠ ᠪᠠᠨ ᠤᠯᠠᠮ | ᠨᠢᠭᠡ ᠠᠯᠬᠤᠮ ᠪᠠᠳᠠᠷᠠᠭᠤᠯᠤᠨ᠂ ᠴᠢᠨᠠᠷ ᠰᠠᠶᠢᠲᠠᠶ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ ᠭᠡᠵᠡᠶ᠃ | ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠭᠰᠡᠨ | ᠠᠷᠭ᠎ᠠ ᠪᠤᠳᠤᠯᠭ᠎ᠠ ᠬᠡᠷᠡᠭᠵᠢᠭᠦᠯᠵᠦ ᠨᠡᠶᠢᠭᠡᠮ ᠤᠨ ᠲᠣᠭᠲᠠᠭᠤᠨ ᠢ ᠪᠠᠲᠤᠯᠠᠨ᠂ ᠠᠷᠠᠳ ᠤᠨ ᠠᠮᠢᠳᠤᠷᠠᠯ ᠶᠢ ᠪᠠᠳᠤᠯᠠᠵᠦ | ᠬᠤᠷᠢᠭ᠎ᠠ ᠱᠤᠭᠤᠮ ᠢ ᠪᠦᠬᠦ ᠲᠠᠯ᠎ᠠ ᠪᠠᠷ ᠪᠠᠲᠤ ᠰᠠᠬᠢᠵᠤ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ | ᠬᠦᠷᠲᠡᠭᠡᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠲᠥᠯᠥᠭᠡᠯᠡᠭᠴᠢᠳ ᠶᠡᠭᠡ ᠬᠤᠷᠠᠯ ᠤᠨ | ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ ᠲᠥᠯᠥᠭᠡ ᠢᠲᠡᠭᠡᠯ ᠵᠣᠷᠢᠭ ᠪᠠ ᠬᠦᠴᠦᠨ | ᠴᠢᠳᠠᠯ ᠢᠶᠠᠨ ᠡᠷᠭᠦᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠲᠤᠪᠠᠷ ᠠᠬᠢᠭᠤᠯᠬᠤ ᠬᠡᠷᠡᠭᠲᠡᠢ ᠭᠡᠵᠠᠢ᠃ | ᠱᠤᠸᠠᠩ ᠪᠦᠦ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠶᠠᠷᠢᠯᠴᠠᠬᠤ ᠳᠤ | ᠣᠷᠣᠯᠴᠠᠵᠤ᠂ ᠣᠯᠠᠨ ᠲᠠᠢ ᠮᠠᠯᠵᠢᠬᠤ ᠣᠷᠣᠨ ᠤ ᠬᠥᠭᠵᠢᠯᠲᠡ᠂ ᠠᠷᠠᠳ ᠤᠨ ᠠᠮᠢᠳᠤᠷᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠠᠬᠤᠶ ᠶᠢ ᠬᠥᠭᠵᠢᠭᠦᠯᠬᠦ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ | ᠭᠦᠨᠵᠡᠭᠡᠶ ᠶᠠᠷᠢᠯᠴᠠᠵᠤ᠂ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ ᠱᠤᠸᠠᠩ | ᠪᠦᠦ ᠬᠡᠯᠡᠬᠦ ᠳᠡᠭᠡᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠯᠵᠤ᠂ ᠠᠵᠤ ᠦᠢᠯᠡᠰ ᠤᠨ | ᠬᠥᠭᠵᠢᠯᠲᠡ ᠶᠢ ᠰᠠᠶᠢᠲᠤᠷ ᠲᠦᠯᠤᠪᠵᠢᠭᠦᠯᠤᠨ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠶ᠃ ᠨᠡᠶᠢᠭᠡᠮ | ᠲᠣᠭᠤᠷᠢᠭ ᠤᠨ ᠵᠠᠰᠠᠯᠲᠠ ᠶᠢᠨ ᠲᠠᠯ᠎ᠠ ᠪᠠᠷ᠂ ᠵᠥᠷᠢᠶ᠎ᠡ ᠪᠠᠨ ᠡᠷᠢᠵᠦ᠂ ᠲᠤᠳᠠᠭᠳᠠᠯ ᠢᠶᠠᠨ ᠨᠦᠬᠦᠪᠤᠷᠢᠯᠡᠨ᠂ | ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠪᠣᠯᠤᠨ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠪᠦᠬᠦᠯᠢ | ᠴᠣᠭᠴᠠ ᠶᠢᠨ ᠠᠵᠢᠯ ᠢᠶᠠᠷ ᠲᠦᠯᠤᠪᠵᠢᠭᠦᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠷᠠᠳ ᠤᠯᠠᠨ ᠤ ᠵᠣᠯ | ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠠᠢ᠃ ᠡᠯ᠎ᠡ ᠲᠥᠯᠥᠭᠡᠯᠡᠭᠴᠢᠳ ᠤᠨ | ᠪᠦᠯᠬᠦᠮ ᠤᠨ ᠶᠠᠷᠢᠯᠴᠠᠬᠤ ᠴᠡᠭ ᠲᠤ᠂ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠲᠣᠭᠤᠷᠢᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠤᠯᠠᠨ ᠢᠶᠠᠷ ᠢᠶᠠᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳ | ᠪᠠᠳᠠᠷᠠᠭᠤᠯᠵᠤ᠂ ᠠᠷᠠᠳ ᠤᠨ ᠰᠠᠨᠠᠯ ᠢ ᠢᠳᠡᠪᠬᠢᠲᠡᠢ ᠰᠣᠨᠣᠰᠴᠤ᠂ ᠠᠷᠠᠳ ᠤᠨ ᠬᠦᠰᠡᠯ ᠱᠠᠭᠠᠷᠳᠠᠯᠭ᠎ᠠ ᠶᠢ | ᠲᠤᠰᠬᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠠᠵᠢᠯ ᠤᠨ ᠢᠯᠡᠳᠬᠡᠯ ᠳᠤ ᠲᠣᠭᠲᠠᠭᠠᠭᠰᠠᠨ ᠡᠯ᠎ᠡ | ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠰᠥᠨᠢᠳ ᠵᠡᠭᠦᠨ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠦ ᠢᠯᠡᠳᠵᠡᠭᠡᠪᠡ᠃ | ᠬᠤᠰᠢᠭᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠲᠣᠰ ᠲᠣᠰ ᠡᠯ᠎ᠡ ᠲᠥᠯᠥᠭᠡᠯᠡᠭᠴᠢᠳ ᠤᠨ | ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ᠃ |