1 ᠳ᠋ᠤᠭᠡᠷ ᠰᠠᠷ᠎ᠠ ᠶᠢᠨ 12 ᠤᠨ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠥᠨᠢᠳ ᠵᠡᠭᠦᠨ | ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠳᠤ ᠣᠷᠣᠯᠴᠠᠭᠰᠠᠨ | ᠭᠡᠰᠢᠭᠦᠳ ᠳᠤᠭᠤᠶᠢᠯᠠᠩ ᠬᠤᠪᠢᠶᠠᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠡᠨ ᠤ ᠠᠵᠢᠯ ᠤᠨ | ᠮᠡᠳᠡᠭᠦᠯᠤᠯᠲᠡ᠂ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠤᠯᠲᠡ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠡᠳᠡᠭᠦᠯᠦᠯᠲᠡ ᠶᠢ ᠶᠠᠷᠢᠯᠴᠠᠵᠤ᠂ ᠠᠷᠪᠠᠨ ᠨᠢᠭᠡᠳᠦᠭᠡᠷ | ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶᠂ ᠤᠯᠤᠰ ᠲᠥᠷᠥ ᠶᠢᠨ | ᠵᠥᠪᠯᠡᠯᠭᠡᠨ ᠤ ᠰᠥᠨᠢᠳ ᠵᠡᠭᠦᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠡᠨ ᠤ ᠲᠡᠷᠢᠭᠦᠯᠡᠭᠴᠢ᠂ | ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ | ᠪᠦᠷᠢᠳᠬᠡᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠶᠠᠷᠢᠯᠴᠠᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ᠂ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠤᠨ ᠲᠣᠭᠤᠷᠢᠨ ᠳᠤ ᠢᠳᠡᠪᠬᠢᠲᠡᠶ ᠶᠠᠷᠢᠯᠴᠠᠯᠭ᠎ᠠ ᠦᠷᠨᠢᠭᠦᠯᠪᠡ᠃ | ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠣᠯᠠᠨ ᠲᠠᠢ ᠨᠢᠭᠤᠷᠳᠠᠨ ᠶᠠᠷᠢᠯᠴᠠᠵᠦ᠂ | ᠭᠡᠰᠢᠭᠦᠳ ᠢᠳᠡᠪᠬᠢᠲᠡᠢ ᠪᠠᠷ ᠶᠠᠷᠢᠶ᠎ᠠ ᠲᠠᠯᠪᠢᠨ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠬᠥᠭᠵᠢᠯᠲᠡ ᠳᠤ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠪᠠᠶᠢᠨ᠎ᠠ᠃ ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠢ | ᠰᠣᠨᠣᠰᠤᠭᠰᠠᠨ ᠤ ᠲᠠᠷᠠᠭ᠎ᠠ᠂ ᠸᠠᠩ ᠶᠦᠩ ᠵᠢᠶᠦ᠋ᠨ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠵᠦ᠂ ᠭᠡᠰᠢᠭᠦᠳ ᠤᠨ ᠢᠮᠠᠭᠲᠠ ᠦᠨᠡᠨᠴᠢ ᠰᠢᠳᠤᠷᠭᠤ ᠰᠡᠳᠬᠢᠯ ᠢᠶᠠᠨ ᠪᠠᠷᠢᠮᠲᠠᠯᠠᠵᠤ᠂ ᠲᠤᠰ ᠪᠡᠶ᠎ᠡ ᠶᠢᠨ | ᠡᠭᠦᠷᠭᠡ ᠬᠠᠷᠢᠭᠤᠴᠠᠯᠭ᠎ᠠ ᠪᠠᠨ ᠪᠠᠳᠤᠳᠬᠠᠨ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ | ᠠᠵᠢᠯ ᠳᠤ ᠢᠳᠡᠪᠬᠢᠲᠡᠢ ᠣᠷᠣᠯᠴᠠᠵᠤ᠂ ᠡᠯ᠎ᠡ ᠵᠦᠢᠯ ᠤᠨ ᠦᠢᠯᠡᠰ ᠤᠨ ᠲᠠᠪᠰᠢᠯᠳᠠ ᠳᠤ ᠮᠠᠰᠢ ᠤᠯᠠᠨ ᠴᠢᠷᠮᠠᠶᠢᠯᠭ᠎ᠠ | ᠭᠠᠷᠭᠠᠬᠤ ᠶᠢ ᠬᠦᠰᠡᠭᠰᠡᠨ ᠪᠥᠭᠡᠳ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ | ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤᠯᠲᠠ ᠥᠭᠴᠡᠢ᠃ ᠲᠡᠷᠡ᠂ ᠭᠡᠰᠢᠭᠦᠳ ᠡᠯ᠎ᠡ ᠲᠠᠯ᠎ᠠ ᠶᠢᠨ ᠬᠦᠴᠦᠨ ᠢ | ᠨᠢᠭᠲᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠮᠦᠨ᠎ᠡ | ᠹᠷᠣᠨᠲ ᠲᠤ ᠦᠨᠳᠦᠰᠦᠯᠡᠵᠦ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠲᠤᠰᠬᠠᠵᠤ᠂ ᠲᠤᠰᠬᠠᠢ | ᠮᠡᠷᠭᠡᠵᠢᠯ ᠤᠨ ᠮᠡᠳᠡᠯᠭᠡ ᠪᠣᠯᠤᠨ ᠨᠡᠶᠢᠭᠡᠮ ᠤᠨ ᠨᠥᠯᠥᠭᠡᠯᠡᠬᠦ ᠬᠦᠴᠦᠨ ᠢᠶᠠᠷ ᠠᠷᠠᠳ ᠤᠯᠠᠨ ᠤ ᠬᠦᠴᠢᠷ ᠵᠣᠪᠠᠭᠤᠷᠢ ᠶᠢ | ᠰᠢᠢᠳᠪᠦᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠥᠨᠢᠳ ᠵᠡᠭᠦᠨ ᠬᠤᠰᠢᠭᠤᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠠᠢ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠪᠠ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ | ᠠᠰᠠᠭᠤᠳᠠᠯ ᠲᠦᠪᠡᠭᠲᠡᠶ ᠠᠰᠠᠭᠤᠳᠠᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ | ᠭᠦᠢᠴᠡᠳᠭᠡᠵᠦ᠂ ᠰᠠᠨᠠᠯ ᠰᠠᠨᠠᠭᠤᠯᠭ᠎ᠠ ᠲᠣᠷᠠᠳᠤᠨ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠳᠡᠪᠰᠢᠭᠦᠯᠵᠦ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠦᠨ᠎ᠡ ᠭᠡᠵᠡᠶ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠲᠣᠰ ᠲᠣᠰ ᠤᠨ ᠳᠤᠭᠤᠶᠢᠯᠠᠩ ᠤᠨ | ᠶᠠᠷᠢᠯᠴᠠᠭ᠎ᠠ ᠳᠤ ᠣᠷᠣᠯᠴᠠᠪᠠ᠃ |