ᠬᠤᠰᠢᠭᠤ ᠠᠷᠠᠳ ᠤᠨ ᠵᠠᠰᠠᠭ ᠤᠨ ᠣᠷᠳᠣᠨ 2025 ᠣᠨ ᠤ ᠠᠩᠬᠠᠳᠤᠭᠠᠷ ᠤᠳᠠᠭᠠᠨ ᠤ ᠪᠥᠬᠦ ᠭᠡᠰᠢᠭᠦᠤᠨ ᠤᠨ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
   2 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ 2025 ᠣᠨ ᠤ ᠠᠩᠬᠠᠳᠤᠭᠠᠷ ᠤᠳᠠᠭᠠᠨ ᠤ ᠪᠥᠬᠦ ᠭᠡᠰᠢᠭᠦᠤᠨ ᠤᠨ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ 2025 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠼᠦᠩ ᠮᠧᠶ ᠬᠤᠷᠠᠯ ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠬᠡᠦ ᠤᠷᠢᠯᠭ᠎ᠠ ᠪᠠᠷ ᠬᠤᠷᠠᠯ ᠳᠤ ᠣᠷᠣᠯᠴᠠᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ ︽ᠵᠢᠷᠭᠤᠭᠠᠨ ᠠᠵᠢᠯᠯᠠᠭ᠎ᠠ︾ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠠᠵᠢᠯ ᠬᠢᠬᠦ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠤᠯᠭᠠᠬᠤ ᠬᠡᠷᠡᠭᠳᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠶᠢ ᠰᠠᠶᠢᠲᠤᠷ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠵᠡᠷᠭᠡᠪᠡᠷ ᠬᠡᠷᠡᠭᠵᠢᠭᠦᠯᠵᠦ᠂ ︽ᠪᠠᠶᠢᠴᠠᠭᠠᠬᠤ︾᠂ ︽ᠵᠠᠰᠠᠬᠤ︾ ᠪᠠᠷ ᠲᠤᠤᠱᠯᠠᠭᠤᠯᠵᠤ᠂ ᠢᠯᠵᠢᠷᠡᠯ ᠤᠨ ᠬᠤᠪᠢᠷᠠᠯᠲᠠ ᠶᠢ ᠬᠤᠷᠢᠭᠯᠠᠬᠤ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠭᠡᠷ ᠤᠯᠠᠷᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯᠯᠠᠭᠠᠨ ᠤ ᠲᠣᠬᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠡᠢ᠃    ᠬᠤᠷᠠᠯ ᠳᠡᠭᠡᠷ᠎ᠡ᠂ ᠬᠤᠩᠭᠤᠷ ᠰᠤᠮᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠡᠳ᠋ ᠤᠨ ᠵᠠᠰᠠᠭ ᠤᠨ ᠲᠤᠪᠴᠢᠶᠠᠨ ︵ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ ᠤ ᠬᠠᠷᠢᠭᠤᠴᠠᠯᠭᠠᠲᠠᠨ ᠰᠣᠯᠢᠯᠴᠠᠭᠠᠨ ᠤ ᠶᠠᠷᠢᠶ᠎ᠠ ᠬᠢᠵᠡᠢ᠃    ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠪᠦᠷᠢᠯᠳᠦᠭᠦᠨ ᠵᠢᠴᠢ ᠡᠯ᠎ᠡ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠨᠢᠭᠡᠴᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号