3 ᠳ᠋ᠤᠭᠠᠷ ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠵᠢᠴᠢ | ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠤᠯᠠᠮᠵᠢᠯᠠᠨ ᠲᠤᠤᠱᠯᠠᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ ᠡᠯ᠎ᠡ ᠵᠦᠢᠯ ᠤᠨ ᠭᠤᠤᠯᠳᠠᠯᠭ᠎ᠠ ᠲᠠᠢ | ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ | ᠬᠤᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠢᠶᠠ ᡁᠢ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠶᠣᠣ ᠳ᠋ᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠥᠷᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᠬᠤᠩ ᠪᠢᠨ ᠠᠵᠢᠯ ᠢᠶᠠᠨ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ | ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠪᠠᠶᠢᠭᠤᠯᠭ᠎ᠠ | ᠪᠣᠯᠤᠭᠰᠠᠨ ᠤ ᠬᠤᠪᠢ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠠᠴᠠ ᠨᠠᠮ ᠤᠨ ᠪᠠᠶᠢᠭᠤᠯᠤᠯᠲᠠ ᠳᠤ | ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠢᠨ᠎ᠡ ᠮᠡᠳᠡᠯᠭᠡ ᠶᠢ ᠴᠢᠷᠮᠠᠶᠢᠨ ᠰᠤᠷᠤᠯᠴᠠᠵᠤ᠂ | ᠰᠢᠨ᠎ᠡ ᠴᠢᠳᠠᠪᠤᠷᠢ ᠶᠢ ᠡᠵᠡᠮᠰᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ | ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠰᠠᠶᠢᠲᠤᠷ ᠳᠠᠭᠠᠭᠤᠯᠵᠤ᠂ ᠥᠯᠢᠭᠡᠷ ᠳᠠᠭᠤᠷᠢᠶᠠᠯ ᠪᠣᠯᠵᠤ᠂ | ᠡᠮᠦᠨ᠎ᠡ ᠨᠢ ᠰᠤᠷᠤᠯᠴᠠᠵᠤ᠂ ᠤᠷᠢᠳᠠᠪᠠᠷ ᠬᠢᠵᠦ᠂ ᠪᠥᠬᠦ ᠬᠤᠰᠢᠭᠤᠨ ᠳᠤ ᠬᠡᠪ ᠳᠠᠭᠤᠷᠢᠶᠠᠯ ᠪᠣᠯᠵᠣ᠂ ᠠᠮᠵᠢᠯᠲᠠ | ᠣᠯᠤᠭᠰᠠᠨ ᠰᠠᠭᠤᠷᠢᠨ ᠳᠡᠭᠡᠷ᠎ᠡ ᠨᠠᠩ ᠥᠨᠳᠥᠷ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠲᠣᠰ | ᠬᠦᠷᠢᠶᠡᠨ ᠳᠠᠬᠢ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠬᠤ ᠬᠡᠷᠡᠭᠲᠡᠶ᠃ ᠪᠦᠯᠬᠦᠮᠳᠡᠨ | ᠬᠠᠮᠵᠢᠯᠴᠠᠬᠤ ᠪᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠠᠵᠢᠯ ᠤᠨ ᠬᠥᠭᠵᠢᠯᠲᠡ ᠶᠢᠨ ᠡᠯ᠎ᠡ ᠬᠦᠷᠢᠶᠡᠨ ᠳᠤ | ᠠᠭᠤᠰᠤᠯᠴᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠵᠠᠰᠠᠭ ᠤᠨ ᠣᠷᠳᠣᠨ ᠤ ᠡᠯ᠎ᠡ ᠬᠤᠰᠢᠭᠤ | ᠳᠡᠳ᠋ ᠳᠠᠷᠤᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ | ᠬᠤᠷᠢᠶᠠᠨ ᠤ ᠱᠦᠵᠢ᠂ ᠳᠡᠳ᠋ ᠱᠦᠵᠢ ︵ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ︶᠂ ᠵᠣᠬᠢᠶᠠᠨ | ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠨᠠᠮ ᠤᠨ | ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ | ᠵᠢᠴᠢ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠡᠰᠡᠭ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠡᠭᠦᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ |