ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠬᠤᠷᠢᠶᠠᠨ ᠤ | ᠤᠬᠠᠭᠤᠯᠬᠤ ᠬᠡᠯᠲᠡᠰ ︵ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ ᠠᠴᠠ ᠡᠷᠬᠢᠯᠡᠭᠰᠡᠨ | ᠭᠤᠷᠪᠠᠳᠤᠭᠠᠷ ᠬᠤᠭᠤᠴᠠᠭᠠᠨ ᠤ ︽ᠶᠡᠭᠡ ᠲᠠᠮᠠᠴᠢ ᠶᠢᠨ ᠤᠤᠬᠠᠢ︾ ᠨᠣᠮᠤ ᠰᠤᠮᠦ ᠶᠢᠨ ᠤᠷᠤᠯᠳᠤᠭᠠᠨ ᠬᠤᠰᠢᠭᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠲᠤ ᠶᠠᠪᠤᠭᠳᠠᠪᠠ᠃ | ᠤᠷᠤᠯᠳᠤᠭᠠᠨ ᠳᠤ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠠᠴᠠ ᠢᠷᠡᠭᠰᠡᠨ 180 ᠭᠠᠷᠤᠶ ᠲᠠᠮᠢᠷᠴᠢᠨ | ᠣᠷᠣᠯᠴᠠᠵᠤ᠂ ᠤᠯᠠᠮᠵᠢᠯᠠᠯᠲᠤ ᠤᠷᠤᠯᠳᠤᠭᠠᠨ ᠤ ᠲᠦᠷᠢᠮ ᠢ ᠬᠡᠷᠡᠭᠯᠡᠨ᠂ ᠤᠷᠤᠯᠳᠤᠭᠠᠨ ᠳᠤ ᠣᠷᠣᠯᠴᠠᠭᠰᠠᠳ | ᠦᠨᠳᠦᠰᠦᠲᠡᠨ ᠤ ᠣᠨᠴᠠᠯᠢᠭ ᠲᠠᠢ ᠤᠯᠠᠮᠵᠢᠯᠠᠯᠲᠤ ᠨᠤᠮᠤ ᠰᠤᠮᠤ ᠪᠠᠨ ᠠᠳᠬᠤᠵᠤ᠂ ᠬᠥᠪᠴᠢᠯᠡᠬᠦ᠂ ᠨᠣᠮᠤ ᠲᠠᠯᠪᠢᠬᠤ᠂ | ᠣᠨᠢᠯᠠᠬᠤ᠂ ᠬᠥᠪᠴᠢ ᠪᠠᠨ ᠲᠠᠶᠢᠯᠬᠤ᠂ ᠰᠤᠮᠤ ᠬᠠᠷᠪᠤᠬᠤ ᠵᠠᠷᠭᠡ ᠨᠢ ᠲᠡᠳᠡᠨ ᠤ ᠪᠣᠯᠪᠠᠰᠤᠷᠠᠩᠭᠤᠶ ᠰᠤᠷ ᠬᠠᠷᠪᠤᠬᠤ | ᠤᠷ᠎ᠠ ᠮᠡᠷᠭᠡᠵᠢᠯ ᠢ ᠳᠡᠯᠭᠡᠨ ᠦᠵᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ | ᠰᠠᠶᠢᠰᠢᠶᠠᠯ ᠢ ᠣᠯᠤᠭᠰᠠᠨ ᠪᠠᠶᠢᠨ᠎ᠠ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠥᠨᠢᠳ ᠪᠠᠷᠠᠭᠤᠨ ᠬᠤᠰᠢᠭᠤᠨ ᠤ ᠲᠡᠭᠦᠰ᠂ ᠰᠥᠨᠢᠳ | ᠪᠠᠷᠠᠭᠤᠨ ᠬᠤᠰᠢᠭᠤᠨ ᠤ ᠬᠠᠳᠠᠪᠠᠭᠠᠲᠤᠷ᠂ ᠠᠪᠠᠭ᠎ᠠ ᠬᠤᠰᠢᠭᠤᠨ ᠤ ᠪᠣᠷᠣᠪᠠᠭᠠᠲᠤᠷ᠂ ᠰᠥᠨᠢᠳ ᠵᠡᠭᠦᠨ ᠬᠤᠰᠢᠭᠤᠨ ᠤ | ᠦᠯᠵᠡᠶᠢᠮᠥ᠋ᠩᠬᠡ ᠤᠷᠤᠯᠳᠤᠭᠠᠨ ᠤ ᠡᠮᠦᠨ᠎ᠡ ᠳᠥᠷᠪᠡᠨ ᠨᠡᠷ᠎ᠡ ᠳᠤ ᠲᠣᠳᠤᠷᠠᠭᠰᠠᠨ ᠪᠠᠶᠢᠨ᠎ᠠ᠃ |