ᠬᠤᠰᠢᠭᠤ ᠤᠯᠠᠭᠠᠨᠮᠥ᠋ᠴᠢᠷ ︽ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠰᠤᠷᠭᠠᠭᠤᠯᠢ ᠶᠢᠨ ᠬᠥᠷᠢᠶᠡᠨ ᠳᠤ ᠥᠷᠨᠢᠭᠦᠯᠪᠡ
ᠨᠡᠶᠢᠲᠡᠯᠡᠭᠰᠡᠨ ᠴᠠᠭ᠄
2025/3/18
   ᠣᠶᠢᠷ᠎ᠠ ᠶᠢᠨ ᠡᠲᠤᠷ᠂ ᠬᠤᠰᠢᠭᠤ᠂ ᠤᠯᠠᠭᠠᠨᠮᠥ᠋ᠴᠢᠷ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ︽ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠠᠭᠰᠢ ᠰᠤᠷᠤᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃    ᠲᠣᠭᠯᠠᠯᠲᠠ ᠳᠤ᠂ ᠲᠣᠭᠯᠠᠭᠴᠢᠳ ᠭᠤᠶᠢᠳᠠ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠷᠪᠠᠨ ᠴᠢᠪᠬᠠᠳᠠᠰᠤᠲᠤ ᠭᠤᠴᠣᠯᠠᠯ ᠬᠥᠭᠵᠢᠮ᠂ ᠯᠢᠮᠪᠦ ᠶᠢᠨ ᠭᠤᠴᠣᠯᠠᠯ ᠬᠥᠭᠵᠢᠮ᠂ ᠡᠷᠡᠭᠲᠡᠢ ᠡᠮᠡᠭᠲᠡᠢ ᠶᠢᠨ ᠭᠤᠴᠣᠯᠠᠯ ᠳᠠᠭᠤᠤ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾᠂ ︽ᠪᠠᠶᠠᠷ ᠤᠨ ᠮᠡᠳᠡᠭᠡ︾᠂ ︽ᠮᠢᠨᠤ ᠰᠠᠶᠢᠬᠠᠨ ᠰᠥᠨᠢᠤᠨ︾᠂ ︽ᠠᠯᠲᠠᠨ ᠵᠤᠯᠠ︾ ᠵᠡᠷᠭᠡ ᠲᠣᠭᠯᠠᠯᠲᠠ ᠪᠠᠷ ᠢᠶᠠᠨ ᠤᠤᠠᠬ᠎ᠠ ᠤᠷᠠᠯᠢᠭ ᠤᠨ ᠰᠠᠶᠢᠬᠠᠨ ᠢ ᠰᠤᠷᠭᠠᠭᠤᠯᠢ ᠶᠢᠨ ᠬᠦᠷᠢᠶᠡᠨ ᠤ ᠰᠣᠶᠣᠯ ᠳᠤ ᠠᠭᠤᠰᠤᠯᠴᠠᠭᠤᠯᠵᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠰᠤᠷᠤᠭᠴᠢᠳ ᠤᠨ ᠪᠥᠬᠦ ᠲᠠᠯ᠎ᠠ ᠶᠢᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠵᠡᠢ᠃    ᠣᠶᠢᠯᠭᠠᠭᠰᠠᠨ ᠢᠶᠠᠷ᠂ ᠮᠠᠨ ᠤ ᠬᠤᠰᠢᠭᠤᠨ ᠤ ᠤᠯᠠᠭᠠᠨᠮᠥ᠋ᠴᠢᠷ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠳᠠᠭᠤᠤ᠂ ᠪᠥᠵᠢᠭ ᠤᠨ ᠠᠷᠭ᠎ᠠ ᠬᠡᠯᠪᠡᠷᠢ ᠪᠠᠷ ᠨᠠᠮ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠷᠠᠯᠢᠭ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠤᠳᠬ᠎ᠠ ᠤᠷᠠᠯᠢᠭ ᠤᠨ ᠬᠦᠴᠦᠨ ᠴᠢᠳᠠᠯ ᠢᠶᠠᠨ ᠡᠷᠭᠦᠵᠤ ᠶᠠᠪᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号