ᠬᠤᠰᠢᠭᠤ ᠤᠯᠠᠭᠠᠨᠮᠥ᠋ᠴᠢᠷ ᠤᠨ ᠬᠤᠶᠠᠷ ᠬᠤᠷᠠᠯ ᠳᠤ ᠵᠤᠷᠢᠭᠤᠯᠤᠭᠰᠠᠨ ᠤᠷᠠᠨ ᠰᠠᠶᠢᠬᠠᠨ ᠤ ᠲᠣᠭᠯᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2025/3/18
   1 ᠳ᠋ᠤᠭᠡᠷ ᠰᠠᠷ᠎ᠠ ᠶᠢᠨ 11 ᠤ ᠤᠷᠤᠢ᠂ ᠬᠤᠰᠢᠭᠤ ᠤᠯᠠᠭᠠᠨᠮᠥ᠋ᠴᠢᠷ ᠤᠨ ᠬᠤᠶᠠᠷ ᠬᠤᠷᠠᠯ ᠳᠤ ᠵᠤᠷᠢᠭᠤᠯᠤᠭᠰᠠᠨ ᠤᠷᠠᠨ ᠰᠠᠶᠢᠬᠠᠨ ᠤ ᠲᠣᠭᠯᠠᠯᠲᠠ ᠤᠯᠠᠭᠠᠨᠮᠦ᠋ᠴᠢᠷ ᠤᠨ ᠪᠤᠯᠪᠠᠰᠤᠷᠠᠯ ᠤᠨ ᠲᠢᠩᠬᠢᠮ ᠳᠤ ᠶᠠᠪᠤᠭᠳᠠᠪᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠤᠷᠤᠯᠴᠠᠵᠦ ᠪᠠᠶᠢᠭ᠎ᠠ ᠠᠷᠠᠳ ᠤᠨ ᠲᠥᠯᠥᠭᠡᠯᠡᠭᠴᠢ ᠪᠤᠯᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠡ ᠶᠢᠨ ᠳᠥᠷᠪᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃    ᠲᠣᠭᠯᠠᠯᠲᠠ ᠨᠢ ︽ᠬᠦᠭᠰᠢᠨ ᠬᠤᠤᠬᠤᠩ︾ ᠳᠠᠭᠤᠤ ᠪᠥᠵᠢᠭ ᠤᠨ ᠳᠤᠮᠳᠠ ᠡᠬᠢᠯᠡᠵᠦ᠂ ᠤᠯᠠᠭᠠᠨᠮᠥ᠋ᠴᠢᠷ ᠤᠨ ᠲᠣᠭᠯᠠᠭᠴᠢᠳ ᠥᠩᠭᠡ ᠢᠯᠭᠠᠷᠠᠭᠰᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠡᠵᠢ ᠶᠢᠨ ᠬᠦᠳᠡᠭᠡ︾᠂ ︽ᠮᠢᠨᠦ ᠰᠠᠶᠢᠬᠠᠨ ᠰᠥᠨᠢᠳ︾᠂ ︽ᠲᠤᠮᠳᠠᠲᠦ ᠤᠯᠤᠰ ᠤᠨ ᠦᠵᠡᠰᠭᠦᠯᠡᠩ ᠶᠢ ᠪᠠᠭ᠋ᠠᠷᠬᠠᠭᠠᠳ ᠬᠠᠨᠤᠰᠢ ᠦᠭᠡᠢ︾᠂ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾᠂ ᠬᠤᠯᠪᠤᠭ᠎ᠠ ︽ᠦᠯᠡᠮᠵᠢ ᠭᠠᠪᠢᠶ᠎ᠡ ᠲᠠᠢ ᠦᠨᠳᠤᠷ ᠨᠠᠰᠤᠲᠠᠳ︾᠂ ᠬᠠᠮᠲᠦ ᠶᠢᠨ ᠪᠦᠵᠢᠭ ︽ᠰᠢᠨ᠎ᠡ ᠡᠷᠢᠨ ᠤ ᠵᠢᠪᠬᠤᠭ᠎ᠠ︾᠂ ︽ᠦᠯᠵᠡᠶᠢᠲᠦ ᠭᠠᠯ︾᠂ ᠮᠣᠷᠢᠨ ᠬᠤᠭᠤᠷ ᠤᠨ ᠬᠠᠮᠲᠤᠷᠠᠯ ︽ᠬᠡᠶᠢᠮᠤᠷᠢ︾᠂ ᠤᠷᠲᠤ ᠶᠢᠨ ᠳᠠᠭᠤᠤ ︽ᠠᠷᠤ ᠬᠦᠪᠴᠢ ᠶᠢᠨ ᠤᠨᠠᠭ᠎ᠠ︾᠂ ᠨᠠᠶᠢᠷᠠᠯ ᠬᠥᠭᠵᠢᠮ ︽ᠬᠦᠭᠵᠢᠨ ᠪᠠᠳᠠᠷᠠᠬᠤ ᠤᠮᠠᠷᠠᠲᠤ ᠬᠢᠯᠢ︾ ᠵᠡᠷᠭᠡ ᠭᠤᠶᠢᠳᠠ ᠰᠠᠶᠢᠬᠠᠨ ᠪᠥᠵᠢᠭ᠂ ᠬᠠᠩᠭᠢᠨᠠᠮ᠎ᠠ ᠳᠠᠭᠤᠤ ᠪᠠᠷ ᠢᠶᠠᠨ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠦᠨᠳᠦᠰᠦᠨ ᠱᠠᠲᠤᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠂ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃ ᠲᠣᠭᠯᠠᠯᠲᠠ ᠨᠢ ︽ᠤᠯᠠᠭᠠᠨᠮᠥ᠋ᠴᠢᠷ︾ ᠭᠡᠬᠦ ᠨᠠᠶᠢᠷᠠᠯ ᠳᠠᠭᠤᠤ ᠶᠢᠨ ᠲᠤᠮᠳᠠ ᠥᠨᠳᠥᠷᠯᠡᠪᠡ᠃    ᠲᠣᠭᠯᠠᠯᠲᠠ ᠦᠨᠳᠤᠷᠯᠡᠭᠰᠡᠨ ᠪᠣᠯᠪᠠᠴᠤ ᠲᠥᠯᠥᠭᠡᠯᠡᠭᠴᠢ᠂ ᠭᠡᠰᠢᠭᠦᠳ ᠤᠨ ᠬᠠᠯᠠᠭᠤᠨ ᠰᠡᠳᠬᠢᠯᠭᠡ ᠪᠠᠭᠤᠷᠠᠭᠰᠠᠨ ᠦᠭᠡᠢ ᠪᠠᠶᠢᠵᠤ᠂ ᠲᠡᠳᠡ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠡᠭᠦᠷᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︽ᠠᠷᠠᠳ ᠤᠨ ᠲᠥᠯᠥᠭᠡᠯᠡᠭᠴᠢ ᠠᠷᠠᠳ ᠲᠦᠮᠡᠨ ᠤ ᠲᠥᠯᠥᠭᠡ︾ ᠭᠡᠬᠦ ᠵᠤᠷᠢᠯᠭ᠎ᠠ ᠶᠢ ᠰᠠᠶᠢᠲᠤᠷ ᠭᠦᠢᠴᠡᠳᠬᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠦᠢᠯᠡᠳᠦᠯ ᠢ ᠪᠠᠳᠠᠷᠠᠭᠤᠯᠵᠤ᠂ ᠰᠥᠨᠢᠳ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号