1 ᠳ᠋ᠤᠭᠡᠷ ᠰᠠᠷ᠎ᠠ ᠶᠢᠨ 20 ᠤ ᠡᠳᠦᠷ᠂ ᠮᠠᠨ ᠤ ᠬᠤᠰᠢᠭᠤᠨ ᠤ ᠪᠠᠶ᠋ᠬᠠᠠᠭᠤᠯᠠ ᠰᠤᠮᠤᠨ ᠤ ᠷᠠᠰᠢᠶᠠᠨᠪᠤᠯᠠᠭ | ᠭᠠᠴᠠᠭᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠵᠥᠪᠯᠡᠯ 2024 ᠣᠨ ᠤ ᠰᠤᠷᠤᠭᠴᠢᠳ ᠢ ᠲᠤᠰᠠᠯᠠᠬᠤ ᠮᠥᠩᠭᠦ | ᠲᠠᠷᠬᠠᠭᠠᠬᠤ ᠶᠣᠰᠣᠯᠠᠯ ᠶᠠᠪᠤᠭᠤᠯᠪᠠ᠃ ᠬᠤᠰᠢᠭᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠪᠠᠶᠢᠩᠭᠤ ᠶᠢᠨ ᠳᠡᠳ᠋ ᠡᠷᠬᠢᠯᠡᠭᠴᠢ ᠵᠠᠩ ᠱᠢ ᠬᠤᠸᠠ 张世华᠂ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠡᠤ ᠪᠠᠭᠠᠲᠤᠷ᠂ ᠲᠤᠩᠭᠠᠯᠠᠭ ᠵᠢᠴᠢ ᠰᠤᠮᠤᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠪᠠ ᠲᠤᠰᠠᠯᠠᠮᠵᠢ | ᠬᠥᠷᠲᠡᠭᠰᠡᠨ ᠰᠣᠷᠣᠭᠴᠢ᠂ ᠬᠡᠷ ᠤᠨ ᠠᠬᠠᠮᠠᠳ ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ 16 ᠨᠠᠷᠠ ᠰᠤᠷᠭᠠᠭᠤᠯᠢ ᠳᠤ | ᠪᠠᠶᠢᠭ᠎ᠠ ᠤᠶᠤᠲᠠᠳ ᠲᠤ ᠬᠥᠮᠦᠨ ᠪᠦᠷᠢ ᠳᠤ 1000 ᠲᠥᠭᠦᠷᠢᠭ᠂ 18 ᠨᠠᠷᠠ ᠲᠡᠭᠡᠳᠤ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠲᠤ ᠬᠥᠮᠦᠨ ᠪᠦᠷᠢ ᠳᠤ 800 ᠲᠥᠭᠦᠷᠢᠭ ᠤᠨ ᠲᠤᠰᠠᠯᠠᠮᠵᠢ ᠶᠢᠨ ᠮᠥᠩᠭᠦ | ᠣᠯᠭᠤᠪᠠ᠃ ᠡᠭᠦᠨ ᠤ ᠬᠠᠮᠲᠤ ᠲᠤᠰᠠᠯᠠᠮᠵᠢ ᠬᠦᠷᠲᠡᠭᠰᠡᠨ ᠰᠤᠷᠤᠭᠴᠢᠳ ᠢ ᠶᠠᠰᠤ ᠴᠢᠨᠠᠷ ᠢᠶᠠᠨ ᠳᠠᠪᠲᠠᠨ | ᠪᠣᠯᠪᠠᠰᠤᠷᠠᠭᠤᠯᠵᠤ᠂ ᠥᠪᠡᠷ ᠢ ᠪᠠᠨ ᠢᠲᠡᠭᠡᠵᠦ᠂ ᠰᠢᠷᠭᠠᠭᠤ ᠰᠤᠷᠤᠯᠴᠠᠵᠤ᠂ ᠢᠳᠡᠪᠬᠢᠲᠡᠶ ᠪᠠᠷ ᠤᠷᠤᠭᠰᠢᠯᠠᠨ | ᠳᠠᠪᠰᠢᠵᠤ᠂ ᠴᠢᠳᠠᠪᠤᠷᠢᠲᠠᠨ ᠪᠣᠯᠬᠤ ᠪᠠᠷ ᠴᠢᠷᠮᠠᠶᠢᠵᠤ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠶᠢ | ᠵᠣᠷᠢᠭᠵᠢᠭᠤᠯᠪᠠ᠃ ᠲᠤᠰᠠᠯᠠᠮᠵᠢ ᠬᠦᠷᠲᠡᠭᠰᠡᠨ ᠰᠤᠷᠤᠭᠴᠢᠳ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠤᠷᠤᠯᠭ᠎ᠠ | ᠬᠢᠴᠢᠶᠠᠯ ᠳᠡᠭᠡᠨ ᠰᠢᠮᠲᠠᠵᠤ᠂ ᠨᠡᠶᠢᠭᠡᠮ ᠤᠨ ᠲᠤᠯᠭᠠᠭᠤᠷᠢ ᠬᠦᠴᠦᠨ ᠪᠣᠯᠵᠤ᠂ ᠰᠣᠷᠣᠭᠰᠠᠨ ᠮᠡᠳᠡᠯᠭᠡ ᠪᠠᠨ ᠪᠣᠳᠠᠲᠠᠶ | ᠴᠢᠳᠠᠪᠤᠷᠢ ᠪᠣᠯᠭᠠᠨ ᠬᠤᠪᠢᠷᠠᠭᠤᠯᠵᠤ᠂ ᠤᠯᠤᠰ᠂ ᠨᠡᠶᠢᠭᠡᠮ᠂ ᠨᠤᠲᠤᠭ ᠤᠰᠤᠨ ᠳᠠᠭᠠᠨ ᠨᠠᠩ ᠶᠡᠭᠡ ᠬᠤᠪᠢ ᠨᠡᠮᠡᠷᠢ | ᠥᠵᠡᠭᠦᠯᠵᠤ᠂ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠣᠯᠠᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ | ᠥᠬᠡᠶ ᠪᠠᠷ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠤ ᠠᠴᠢ ᠬᠠᠷᠢᠭᠤᠯᠤᠨ᠎ᠠ ᠭᠡᠵᠦ ᠢᠯᠡᠳᠬᠡᠵᠡᠭᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠠᠯᠠᠮᠵᠢ ᠶᠢᠨ ᠮᠥᠩᠭᠦ 3.04 ᠲᠦᠮᠡᠨ ᠲᠥᠭᠦᠷᠢᠭ ᠪᠠᠶᠢᠵᠤ᠂ | ᠰᠤᠷᠭᠠᠭᠤᠯᠢ ᠳᠤ ᠪᠠᠶᠢᠭ᠎ᠠ 34 ᠨᠠᠷᠠ ᠣᠶᠤᠲᠠᠨ ᠪᠠ ᠲᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠲᠤ ᠬᠠᠨᠳᠢᠪᠯᠡᠭᠰᠠᠨ ᠪᠠᠶᠢᠨ᠎ᠠ᠃ ᠪᠠᠶ᠋ᠬᠠᠭᠤᠯᠠ ᠰᠤᠮᠤᠨ ᠤ ᠷᠠᠰᠢᠶᠠᠨᠪᠤᠯᠠᠭ ᠭᠠᠴᠠᠭᠠᠨ ᠤ ᠬᠤᠶᠢᠴᠢ | ᠦᠶ᠎ᠡ ᠪᠠᠨ ᠬᠠᠯᠠᠮᠵᠢᠯᠠᠬᠤ ᠵᠦᠪᠯᠡᠯ 2007 ᠣᠨ ᠠᠴᠠ ᠣᠲᠣ ᠪᠣᠯᠲᠠᠯ᠎ᠠ᠂ ᠲᠡᠭᠡᠳᠤ ᠵᠡᠷᠭᠡ ᠶᠢᠨ ᠳᠤᠮᠳᠠᠳᠤ | ᠰᠤᠷᠭᠠᠭᠤᠯᠢ ᠠᠴᠠ ᠳᠡᠭᠡᠭᠰᠢᠬᠢ ᠰᠤᠷᠭᠠᠭᠤᠯᠢ ᠳᠤ ᠪᠠᠶᠢᠭ᠎ᠠ 841 ᠰᠤᠷᠤᠭᠴᠢ ᠶᠢ ᠲᠤᠰᠠᠯᠠᠵᠤ᠂ ᠨᠡᠶᠢᠲᠡ 64 | ᠲᠦᠮᠡ ᠭᠠᠷᠤᠶ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠬᠠᠨᠳᠢᠪᠯᠠᠵᠤ᠂ ︽ᠭᠠᠴᠠᠭᠠᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠰᠤᠷᠭᠠᠨ ᠬᠥᠮᠦᠵᠢᠯ ᠤᠨ ᠰᠠᠭᠤᠷᠢ ᠮᠥᠩᠭᠦ︾ ᠪᠠᠶᠢᠭᠤᠯᠤᠭᠳᠠᠭᠰᠠᠨ ᠨᠢ ᠨᠠᠩ | ᠣᠯᠠᠨ ᠰᠤᠷᠤᠭᠴᠢᠳ ᠢ ᠬᠠᠪᠰᠤᠷᠤᠨ ᠲᠡᠤᠨᠬᠦᠵᠤ᠂ ᠳᠤᠰᠠᠯᠠᠮᠵᠢ ᠬᠦᠷᠲᠡᠭᠰᠡᠨ ᠰᠤᠷᠤᠭᠴᠢ ᠶᠢᠨ ᠳᠤᠳᠤᠷ᠎ᠡ ᠬᠤᠷᠢ | ᠭᠠᠷᠤᠢ ᠰᠤᠷᠤᠭᠴᠢ ᠮᠤᠵᠢ᠂ ᠬᠤᠳᠠ᠂ ᠬᠤᠰᠢᠭᠤ ᠰᠢᠶᠠᠨ᠂ ᠰᠢᠶᠠᠩ ᠪᠠᠯᠭᠠᠰᠤ ᠵᠡᠷᠬᠡ ᠠᠳᠠᠯᠢ ᠪᠤᠰᠤ ᠭᠠᠵᠠᠷ | ᠤᠷᠤᠨ ᠤ ᠵᠠᠰᠠᠭ ᠵᠠᠬᠢᠷᠭᠠᠨ᠂ ᠠᠵᠤ ᠠᠬᠤᠢᠢᠯᠠᠯ ᠠᠵᠢᠯ ᠦᠢᠯᠡᠰ ᠤᠨ ᠨᠢᠬᠡᠴᠢ ᠳᠤ ᠠᠵᠢᠯᠯᠠᠵᠦ᠂ 6 ᠰᠤᠳᠤᠯᠬᠤ | ᠰᠤᠷᠤᠭᠴᠢ ᠲᠠᠢ ᠪᠠᠶᠢᠵᠦ᠂ 3 ᠨᠠᠷᠠ ᠰᠤᠷᠤᠭᠴᠢ ᠭᠠᠴᠠᠭᠠᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ ᠳᠤ | ᠪᠠᠶᠢᠨ᠎ᠠ᠃ |