ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠰᠢᠭᠯᠠᠬᠤ ᠶᠢᠨ | ᠲᠤᠰᠠᠳᠠ᠂ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠤᠨ ᠰᠡᠷᠭᠦᠯᠲᠡ ᠶᠢᠨ ᠬᠤᠭᠤᠴᠠᠭᠠᠨ ᠳᠤ ᠪᠡᠯᠴᠢᠭᠡᠷᠯᠡᠬᠦᠯᠬᠦ | ᠶᠢ ᠵᠣᠭᠰᠣᠭᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠡᠳᠦ ᠡᠷᠲᠡ ᠮᠠᠯ | ᠤᠨᠤᠭ᠎ᠠ ᠳᠤ ᠢᠳᠡᠭᠳᠡᠨ ᠭᠢᠰᠬᠢᠭᠳᠡᠬᠦ ᠠᠴᠠ ᠪᠤᠯᠵᠤ ᠪᠡᠯᠴᠢᠭᠡᠷ ᠤᠨ ᠣᠷᠭᠤᠯᠲᠠ ᠶᠢ ᠨᠦᠯᠦᠭᠡᠯᠡᠭᠦ ᠠᠴᠠ ᠵᠠᠶᠢᠯᠠᠰᠬᠢᠬᠦ | ᠶᠢᠨ ᠲᠦᠯᠦᠭᠡ ᠪᠥᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤ ᠬᠠᠪᠤᠷ ᠤᠨ | ᠤᠯᠠᠷᠢᠯ ᠤᠨ ᠡᠪᠡᠰᠦ ᠪᠡᠯᠴᠢᠭᠡᠷ ᠤᠨ ᠰᠡᠷᠭᠦᠯᠲᠡ ᠶᠢᠨ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠤᠭᠠᠬᠤ | ᠠᠵᠢᠯ ᠢ ᠦᠷᠭᠦᠯᠵᠢᠯᠡᠨ ᠶᠠᠪᠤᠭᠳᠠᠭᠤᠯᠤᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠃ | | ᠨᠢᠭᠡ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠳᠦᠷᠢᠮ︾ ᠤᠨ ᠶᠢᠰᠦᠳᠦᠭᠡᠷ ᠵᠦᠢᠯ ᠤᠨ ︽ᠬᠤᠰᠢᠭᠤ | ᠰᠢᠶᠠᠨ ᠬᠤᠳᠠ ︵ᠲᠣᠭᠤᠷᠢᠭ︶ ᠤᠨ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠠᠭᠤᠷ | ᠠᠮᠢᠰᠬᠤᠯ ᠤᠨ ᠨᠥᠬᠦᠴᠡᠯ ᠪᠠ ᠡᠪᠡᠰᠦ ᠪᠡᠯᠴᠢᠭᠡᠷ ᠤᠨ ᠰᠡᠷᠭᠦᠯᠲᠡ ᠶᠢᠨ ᠵᠢᠮ᠎ᠡ ᠶᠣᠰᠣ ᠶᠢ ᠦᠨᠳᠦᠰᠦᠯᠡᠵᠦ᠂ ᠵᠢᠯ | ᠪᠦᠷᠢ ᠶᠢᠨ ᠬᠠᠪᠤᠷ ᠤᠨ ᠤᠯᠠᠷᠢᠯ ᠤᠨ ᠡᠪᠡᠰᠤᠨ ᠤ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠬᠦᠯᠬᠦ ᠶᠢ | ᠵᠣᠭᠰᠣᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷᠯᠡᠬᠦᠯᠬᠦ ᠶᠢ ᠵᠣᠭᠰᠤᠭᠠᠬᠤ | ᠬᠤᠭᠤᠴᠠᠭ᠎ᠠ ᠶᠢ 45 ᠡᠳᠦᠷ ᠠᠴᠠ ᠳᠣᠷᠣᠭᠰᠢ ᠪᠠᠶᠢᠯᠭᠠᠵᠤ ᠪᠣᠯᠬᠤ ᠦᠭᠡᠢ︾ ᠭᠡᠬᠦ ᠲᠣᠭᠲᠠᠭᠠᠯ ᠪᠠ ᠮᠠᠨ ᠤ | ᠬᠤᠰᠢᠭᠤᠨ ᠤ ᠪᠡᠯᠴᠢᠭᠡᠷ ᠤᠨ ᠲᠥᠷᠥᠯ ᠬᠡᠯᠪᠡᠷᠢ᠂ ᠪᠣᠷᠣᠭᠠᠨ ᠤ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ | ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ | ᠵᠣᠭᠰᠤᠭᠠᠬᠤ ᠬᠤᠭᠤᠴᠠᠭ᠎ᠠ ᠶᠢ 2025 ᠣᠨ ᠤ 4 ᠰᠠᠷ᠎ᠠ ᠶᠢᠨ 1 ᠤ ᠡᠳᠦᠷ ᠠᠴᠠ 2025 ᠣᠨ ᠤ 5 | ᠰᠠᠷ᠎ᠠ ᠶᠢᠨ 15 ᠤ ᠡᠳᠦᠷ ᠪᠤᠯᠲᠠᠯ᠎ᠠ᠂ ᠨᠡᠶᠢᠲᠡ 45 ᠡᠳᠦᠷ ᠪᠠᠷ ᠳᠣᠭᠳᠠᠭᠠᠪᠠ᠃ | ᠬᠤᠶᠠᠷ᠂ ᠪᠡᠯᠴᠢᠭᠡᠷᠯᠡᠭᠦᠯᠬᠦ ᠶᠢ ᠵᠣᠭᠰᠤᠭᠠᠬᠤ ᠬᠦᠷᠢᠶ᠎ᠡ ᠬᠡᠪᠴᠢᠶ᠎ᠡ | ᠪᠥᠬᠦ ᠬᠤᠰᠢᠭᠤᠨ ᠤ 7 ᠰᠤᠮᠤ ᠪᠠᠯᠭᠠᠰᠣᠨ ᠤ 49 ᠭᠠᠴᠠᠭᠠᠨ ᠤ 4585.64 ᠲᠦᠮᠡᠨ ᠮᠦ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠦᠬᠡᠷ᠂ ᠬᠤᠨᠢ᠂ ᠢᠮᠠᠭ᠎ᠠ ︵ᠠᠳᠣᠭᠤ᠂ ᠲᠡᠮᠡᠭᠡ ᠪᠠᠭᠲᠠᠬᠤ | ᠦᠭᠡᠢ︶ ᠶᠢ ᠬᠠᠪᠤᠷ ᠤᠨ ᠤᠯᠠᠷᠢᠯ ᠤᠨ ᠡᠪᠡᠰᠤᠨ ᠤ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷᠯᠡᠬᠦᠯᠬᠦ ᠶᠢ | ᠵᠣᠭᠰᠣᠭᠠᠬᠤ ᠳᠦᠷᠢᠮ ᠢ ᠬᠡᠷᠡᠭᠵᠢᠭᠦᠯᠦᠨ᠎ᠡ᠃ | ᠭᠤᠷᠪᠠ᠂ ᠨᠥᠬᠦᠪᠦᠷᠢ ᠣᠯᠭᠤᠬᠤ ᠪᠠᠷᠢᠮᠵᠢᠶ᠎ᠠ | ᠪᠡᠯᠴᠢᠭᠡᠷ ᠰᠡᠷᠭᠦᠭᠡᠬᠦ ᠨᠥᠬᠦᠪᠦᠷᠢ ᠶᠢᠨ ᠪᠠᠷᠢᠮᠵᠢᠶ᠎ᠠ ᠨᠢ 1.125 ᠲᠥᠭᠦᠷᠢᠭ /ᠮᠦ ᠪᠠᠶᠢᠵᠤ᠂ ᠡᠷᠦᠬᠡ | ᠪᠦᠷᠢ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠶ ᠪᠠᠷ ᠪᠤᠳᠤᠨ᠎ᠠ᠃ ᠪᠡᠯᠴᠢᠭᠡᠷ | ᠰᠡᠷᠭᠦᠭᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠮᠠᠯᠵᠢᠬᠤ ᠡᠷᠦᠬᠡ ᠶᠢᠨ ᠪᠡᠯᠴᠢᠭᠡᠷ ᠰᠡᠷᠭᠦᠭᠡᠬᠦ ᠳᠦᠷᠢᠮ ᠢ | ᠬᠡᠷᠡᠭᠵᠢᠭᠦᠯᠦᠭᠰᠡᠨ ᠪᠣᠳᠠᠲᠤ ᠪᠠᠶᠢᠳᠠᠯ ᠢ ᠦᠨᠳᠦᠰᠦᠯᠡᠨ᠂ ᠭᠠᠴᠠᠭᠠᠨ ᠤ ᠬᠡᠪᠴᠢᠶᠡᠨ ᠳᠤ ᠢᠯᠡ ᠨᠡᠶᠢᠲᠡᠯᠡᠭᠡᠳ ᠰᠠᠨᠠᠯ | ᠦᠭᠡᠢ ᠪᠤᠯ ︽ ᠪᠦᠷᠢᠨ ᠴᠢᠳᠠᠮᠵᠢᠲᠣ ᠺᠠᠷᠲ︾ ᠢᠶᠠᠷ ᠳᠡᠮᠵᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠥᠬᠦᠪᠦᠷᠢ ᠶᠢ | ᠣᠯᠭᠤᠨ᠎ᠠ᠃ | ᠳᠥᠷᠪᠡ᠂ ᠮᠠᠯ ᠤᠨ ᠠᠷᠠᠴᠢᠯᠠᠨ ᠲᠡᠵᠢᠭᠡᠬᠦ ᠲᠠᠯᠠᠪᠠᠶ ᠶᠢ ᠵᠣᠬᠢᠰᠲᠠᠢ ᠲᠣᠭᠲᠠᠭᠠᠬᠤ ᠬᠡᠷᠡᠭᠲᠡᠢ | ᠬᠠᠪᠤᠷ ᠤᠨ ᠤᠯᠠᠷᠢᠯ ᠤᠨ ᠡᠪᠡᠰᠤᠨ ᠤ ᠣᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷᠯᠡᠬᠦᠯᠬᠦ ᠶᠢ | ᠵᠣᠭᠰᠣᠭᠠᠬᠤ ᠠᠵᠢᠯ ᠪᠠ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ | ᠰᠡᠷᠭᠡᠶᠢᠯᠡᠨ ᠵᠠᠰᠠᠬᠤ ᠠᠵᠢᠯᠯᠠᠭ᠎ᠠ ᠶᠢ ᠵᠡᠷᠭᠡ ᠪᠠᠷ ᠦᠷᠨᠢᠭᠦᠯᠦᠨ᠂ ᠮᠠᠯᠵᠢᠬᠤ ᠡᠷᠦᠬᠡ ᠶᠢᠨ ᠬᠢᠨᠠᠨ ᠲᠣᠭᠲᠠᠭᠠᠭᠰᠠᠨ | ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠬᠤᠨᠢᠨ ᠤ ᠨᠢᠭᠡᠴᠡ ᠪᠦᠷᠢ ᠶᠢ 20 | ᠲᠡᠭᠰᠢ ᠳᠥᠷᠪᠡᠯᠵᠢᠨ ᠮᠧᠲᠷ ︵ᠦᠬᠡᠷ ᠪᠦᠷᠢ ᠶᠢ 5 ᠬᠤᠨᠢᠨ ᠤ ᠨᠢᠭᠡᠴᠡ ᠪᠠᠷ ᠪᠤᠳᠤᠵᠤ᠂ 100 ᠲᠡᠭᠰᠢ | ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ︶ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠮᠠᠯ ᠤᠨ | ᠠᠷᠠᠴᠢᠯᠠᠨ ᠲᠡᠵᠢᠭᠡᠬᠦ ᠲᠠᠯᠠᠪᠠᠶ ᠶᠢ ᠵᠦᠢ ᠵᠣᠬᠢᠰᠲᠠᠢ ᠬᠤᠪᠢᠶᠠᠷᠢᠯᠠᠨ ᠭᠠᠷᠭᠠᠵᠤ᠂ ᠨᠢᠭᠡ ᠬᠤᠣᠰ ᠬᠤᠨᠢ ︵ᠡᠬᠡ ᠮᠠᠯ | ᠪᠠ ᠲᠦᠯ︶ ᠶᠢ 0.5 ᠮᠦ ᠠᠴᠠ ᠬᠡᠲᠦᠷᠡᠭᠦᠯᠵᠦ ᠪᠣᠯᠬᠤ ᠦᠭᠡᠢ᠂ ᠡᠳᠦᠷ ᠪᠦᠷᠢ ᠶᠢᠨ ᠦᠳᠡ ᠶᠢᠨ ᠡᠮᠦᠨᠡᠬᠢ | 9᠄ 00 ︱ 11᠄ 00᠂ ᠦᠳᠡ ᠶᠢᠨ ᠬᠤᠶᠢᠨᠠᠬᠢ 15᠄ 00 ︱ 17᠄ 00 ᠴᠠᠭ ᠲᠤ ᠲᠦᠯ | ᠲᠠᠯᠪᠢᠬᠤ ᠲᠠᠯᠠᠪᠤᠷ ᠲᠤ ᠮᠠᠯ ᠬᠠᠷᠢᠭᠤᠯᠬᠤ ᠶᠢ ᠵᠥᠪᠰᠢᠶᠡᠷᠡᠵᠦ᠂ ᠣᠰᠣᠯᠠᠬᠤ᠂ ᠲᠡᠵᠢᠭᠡᠨ ᠠᠷᠠᠴᠢᠯᠠᠬᠤ ᠰᠢᠯᠲᠠᠭ ᠢᠶᠠᠷ | ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃ | ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠰᠡᠷᠭᠦᠯᠲᠡ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ | ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠮᠠᠯᠵᠢᠬᠤ ᠡᠷᠥᠭᠡ ᠶᠢᠨ ᠡᠪᠡᠰᠦ ᠪᠣᠷᠳᠤᠭ᠎ᠠ ᠪᠠᠨ ᠤᠷᠢᠳᠴᠢᠯᠠᠨ | ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠮᠠᠯ ᠤᠨ ᠠᠷᠠᠴᠢᠯᠠᠨ ᠲᠡᠵᠢᠭᠡᠬᠦ ᠲᠠᠯᠠᠪᠠᠶ᠂ ᠤᠰᠤ | ᠣᠰᠣᠯᠠᠬᠤ ᠵᠠᠮ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠳᠣᠷ ᠬᠢᠵᠦ᠂ ᠳᠡᠭᠡᠳᠦ ᠱᠠᠲᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤ᠂ ᠭᠠᠴᠠᠭᠠᠨ ᠤ ᠬᠢᠨᠠᠯᠲᠠ ᠪᠠ ᠬᠠᠮᠢᠶᠠᠷᠤᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ | ︵ᠬᠤᠶᠠᠷ︶ ᠡᠯ᠎ᠡ ᠰᠤᠮᠤ ᠪᠠᠯᠭᠠᠰᠤ ᠨᠢ ᠲᠣᠰ ᠬᠠᠷᠢᠶ᠎ᠠ ᠣᠷᠣᠨ ᠤ ᠪᠠᠨ ᠪᠡᠯᠴᠢᠭᠡᠷᠯᠡᠭᠦᠯᠬᠦ ᠶᠢ ᠵᠣᠭᠰᠤᠭᠠᠬᠤ | ᠠᠵᠢᠯ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠮᠠᠯᠵᠢᠬᠤ | ᠡᠷᠦᠬᠡ ᠶᠢᠨ ᠮᠠᠯ ᠤᠨ ᠠᠷᠠᠴᠢᠯᠠᠨ ᠲᠡᠵᠢᠭᠡᠬᠦ ᠲᠠᠯᠠᠪᠠᠶ᠂ ᠣᠰᠣᠯᠠᠬᠤ ᠵᠠᠮ ᠮᠦᠷ ᠢ ᠵᠦᠢ ᠵᠣᠬᠢᠰᠲᠠᠢ ᠪᠠᠶᠢᠷᠢᠯᠠᠭᠤᠯᠬᠤ᠂ | ᠵᠢᠭᠠᠯᠲᠠ ᠫᠠᠶᠢᠰᠠ ᠡᠯᠭᠦᠬᠦ ᠵᠡᠷᠭᠡ ᠠᠵᠢᠯ ᠢ ᠰᠠᠶᠢᠲᠤᠷ ᠬᠢᠵᠦ᠂ ᠭᠠᠴᠠᠭ᠎ᠠ ᠶᠢ ᠵᠣᠬᠢᠶᠠᠨ ᠪᠠᠶᠢᠭᠤᠯᠤᠨ ᠮᠠᠯᠵᠢᠬᠤ | ᠡᠷᠦᠬᠡ ᠯᠦᠭᠡ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠬᠤ | ᠬᠡᠷᠡᠭᠲᠡᠢ᠃ ᠮᠠᠯᠵᠢᠬᠤ ᠡᠷᠦᠬᠡ ᠶᠢ ᠬᠠᠪᠰᠤᠷᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ | ᠪᠡᠯᠴᠢᠭᠡᠷᠯᠡᠬᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠭᠦᠢᠴᠡᠳ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ︵ᠣᠶ ᠰᠢᠭᠤᠢ ᠨᠣᠳᠤᠭ ᠪᠡᠯᠴᠢᠭᠡᠷ︶ ᠤᠨ ᠰᠠᠯᠠᠭ᠎ᠠ ᠮᠥᠴᠢᠷ | ᠨᠢ ᠬᠢᠨᠠᠯᠲᠠ ᠲᠠᠯᠪᠢᠬᠤ ᠵᠢᠴᠢ ᠨᠤᠲᠤᠭ ᠪᠡᠯᠴᠢᠭᠡᠷ ᠤᠨ ᠬᠥᠳᠡᠯᠦᠩᠭᠦᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ | ᠮᠥᠴᠢᠷ ᠨᠢ ᠰᠤᠮᠤ ᠪᠠᠯᠭᠠᠰᠤ ᠶᠢ ᠵᠢᠯᠣᠭᠤᠳᠤᠨ ᠮᠠᠯ ᠤᠨ ᠣᠣᠭᠤᠬᠤ ᠤᠰᠤᠨ ᠤ ᠪᠠᠲᠤᠯᠠᠭ᠎ᠠ ᠶᠢᠨ ᠠᠵᠢᠯ ᠢ ᠰᠠᠶᠢᠲᠤᠷ | ᠬᠢᠵᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ | ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠵᠢᠴᠢ ᠰᠤᠮᠤ ᠪᠠᠯᠭᠠᠰᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠩᠭᠢ ᠨᠢ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ | ᠲᠣᠭᠲᠠᠭᠠᠯ ᠠᠴᠠ ᠵᠥᠷᠢᠴᠡᠨ ᠮᠠᠯ ᠮᠠᠯᠵᠢᠵᠤ ᠪᠠᠶᠢᠭ᠎ᠠ ᠠᠵᠢᠯᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠤᠨ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ︵ᠭᠤᠷᠪᠠ︶ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠬᠡᠷᠡᠭᠵᠢᠭᠦᠯᠬᠦ ᠭᠤᠣᠯ ᠴᠣᠭᠴᠠ ᠨᠢ ᠥᠪᠡᠷ ᠤᠨ ᠪᠡᠶ᠎ᠡ ᠳᠡᠭᠡᠨ ᠬᠢᠨᠠᠯᠲᠠ | ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠬᠢᠨᠠᠯᠲᠠ ᠲᠠᠯᠪᠢᠵᠤ᠂ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ | ᠬᠦᠰᠡᠵᠦ ᠪᠠᠶᠢᠨ᠎ᠠ᠃ | | | ᠢᠯᠡᠴᠢᠯᠡᠨ ᠮᠡᠳᠡᠭᠦᠯᠬᠦ ᠤᠲᠠᠰᠤ᠄ | ᠮᠠᠨᠳᠠᠯᠲᠤ ᠪᠠᠯᠭᠠᠰᠤ᠄ 18747463333 | ᠪᠠᠶᠠᠨᠨᠠᠭᠤᠷ ᠪᠠᠯᠭᠠᠰᠤ᠄ 15247860835 | ᠴᠠᠭᠠᠬᠤᠪᠣᠭ᠎ᠠ ᠪᠠᠯᠭᠠᠰᠤ᠄ 15148619113 | ᠪᠠᠶ᠋ᠬᠠᠭᠤᠯᠠ ᠰᠤᠮᠤ᠄ 13947941049 | ᠰᠠᠶᠢᠬᠠᠠᠭᠤᠪᠢ ᠰᠤᠮᠤ᠄ 13664757546 | ᠬᠤᠩᠭᠤᠷ ᠰᠤᠮᠤ᠄ 15204799955 | ᠳᠠᠯᠠᠢ ᠰᠤᠮᠤ᠄ 15148673122 | | ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 3 ᠰᠠᠷ᠎ᠠ ᠶᠢᠨ 14 ᠤ ᠡᠳᠦᠷ |