ᠡᠨᠡ ᠲᠠᠪᠤᠨ ᠶᠠᠪᠤᠳᠠᠯ ᠢ ᠳᠠᠬᠢᠵᠤ ᠪᠢᠳᠡᠭᠡᠢ ᠬᠢᠭᠡᠷᠡᠢ︕ ᠪᠥᠭᠡᠷ᠎ᠡ ᠨᠢ ᠬᠥᠮᠦᠨ ᠤ ᠪᠡᠶ᠎ᠡ ᠳᠤ ᠮᠠᠰᠢ ᠴᠢᠬᠤᠯᠠ | ᠪᠠᠶᠢᠳᠠᠭ ᠪᠤᠯᠬᠤᠷ ᠡᠳᠦᠷ ᠲᠤᠲᠤᠮ ᠤᠨ ᠠᠮᠢᠳᠤᠷᠠᠯ ᠳᠤᠮᠳᠠ ᠠᠩᠬᠠᠷᠬᠤ ᠭᠡᠷᠡᠭᠳᠡᠢ᠃ ᠲᠡᠭᠡᠪᠡᠯ ᠶᠠᠮᠠᠷ ᠶᠠᠮᠠᠷ ᠦᠢᠯᠡ | ᠶᠠᠪᠤᠳᠠᠯ ᠨᠢ ᠰᠢᠭᠡᠰᠦ ᠢᠯᠭᠠᠷᠠᠭᠤᠯᠬᠤ ᠰᠢᠰᠲ᠋ᠧᠮ ᠪᠠ ᠪᠥᠭᠡᠷ᠎ᠡ ᠳᠤ ᠬᠤᠣᠷ ᠬᠥᠨᠥᠭᠡᠯ ᠤᠴᠠᠷᠠᠭᠤᠯᠳᠠᠭ ᠪᠣᠢ︖ | ① ᠰᠢᠭᠡᠰᠦ ᠪᠠᠨ ᠬᠤᠷᠢᠬᠤ | ᠤᠷᠲᠤ ᠬᠤᠭᠤᠴᠠᠭ᠎ᠠ ᠪᠠᠷ ᠰᠢᠭᠡᠰᠦ ᠪᠠᠨ ᠬᠤᠷᠢᠪᠠᠯ ᠰᠢᠭᠡᠰᠦ ᠨᠢ ᠳᠠᠪᠤᠰᠠᠩ ᠤᠨ ᠳᠣᠲᠣᠷ᠎ᠠ ᠤᠷᠲᠤ | ᠬᠤᠭᠤᠴᠠᠭ᠎ᠠ ᠪᠠᠷ ᠪᠠᠶᠢᠵᠤ᠂ ᠪᠠᠺᠲ᠋ᠧᠷᠢ ᠶᠢᠨ ᠬᠠᠯᠳᠠᠪᠤᠷᠢᠯᠠᠯ ᠪᠠ ᠴᠢᠯᠠᠭᠤᠰᠢᠷᠠᠯ ᠡᠭᠦᠰᠬᠦ ᠲᠦᠭᠰᠢᠭᠦᠷᠢ ᠶᠢ | ᠨᠡᠮᠡᠭᠳᠡᠭᠦᠯᠳᠡᠭ᠃ ᠡᠶᠢᠮᠦ ᠠᠴᠠ ᠪᠢᠳᠡ ᠲᠣᠭᠲᠠᠭᠰᠠᠨ ᠬᠤᠭᠤᠴᠠᠭ᠎ᠠ ᠲᠠᠢ ᠪᠠᠷ ᠰᠢᠭᠡᠵᠦ᠂ ᠰᠢᠭᠡᠰᠦ ᠪᠠᠨ ᠬᠡᠲᠦᠷᠬᠡᠶ | ᠬᠤᠷᠢᠬᠤ ᠠᠴᠠ ᠵᠠᠶᠢᠯᠡᠰᠬᠢᠬᠦ ᠬᠡᠷᠡᠭᠲᠡᠶ᠃ | ② ᠰᠦᠨᠢ ᠲᠦᠯᠢᠬᠦ | ᠣᠷᠳᠣ ᠬᠤᠭᠤᠴᠠᠭ᠎ᠠ ᠪᠠᠷ ᠰᠦᠨᠢ ᠲᠦᠯᠢᠪᠡᠯ ᠬᠥᠮᠦᠨ ᠤ ᠪᠡᠶ᠎ᠡ ᠶᠢᠨ ᠠᠮᠢᠳᠤ ᠪᠣᠳᠠᠰ ᠤᠨ ᠴᠠᠭ ᠢ ᠡᠪᠳᠡᠵᠦ᠂ | ᠪᠥᠭᠡᠷᠡᠨ ᠤ ᠡᠷᠬᠡᠲᠡᠨ ᠤ ᠠᠮᠠᠷᠠᠬᠤ ᠪᠠ ᠡᠷᠡᠭᠦᠯᠵᠢᠬᠦ ᠶᠢ ᠨᠥᠯᠥᠭᠡᠯᠡᠳᠡᠭ᠂ ᠡᠶᠢᠮᠦ ᠠᠴᠠ ᠪᠢᠳᠡ ᠰᠠᠶᠢᠨ ᠰᠠᠶᠢᠬᠠᠨ | ᠠᠵᠢᠯᠯᠠᠵᠤ ᠠᠮᠠᠷᠠᠬᠤ ᠳᠠᠳᠬᠠᠯ ᠲᠠᠢ ᠪᠠᠶᠢᠵᠤ᠂ ᠭᠦᠢᠴᠡᠳ ᠤᠨᠲᠠᠬᠤ ᠶᠢ ᠪᠠᠲᠤᠯᠠᠬᠤ ᠬᠡᠷᠡᠭᠲᠡᠶ᠃ | ③ ᠲᠡᠩᠴᠡᠭᠦᠷᠢ ᠦᠭᠡᠢ ᠢᠳᠡᠭᠡᠨ ᠤᠮᠳᠠᠭᠠᠨ | ᠣᠨᠴᠠᠭᠠᠶᠢᠯᠠᠨ ᠤᠭᠤᠷᠠᠭ ᠥᠨᠳᠥᠷ᠂ ᠳᠠᠪᠤᠰᠤ ᠶᠡᠬᠡᠳᠡᠢ ᠢᠳᠡᠭᠡᠨ ᠤᠮᠳᠠᠭᠠᠨ ᠢᠳᠡᠪᠡᠯ ᠪᠠᠰᠠ ᠪᠥᠭᠡᠷ᠎ᠡ ᠶᠢᠨ | ᠳᠠᠷᠤᠭᠠᠰᠤ ᠶᠢ ᠨᠡᠮᠡᠭᠳᠡᠭᠦᠯᠵᠦ᠂ ᠠᠮᠠᠷᠬᠠᠨ ᠴᠢᠯᠠᠭᠤᠰᠢᠷᠠᠯ ᠡᠭᠦᠰᠭᠡᠳᠡᠭ᠃ ᠡᠶᠢᠮᠦ ᠠᠴᠠ ᠢᠳᠡᠭᠡᠨ ᠤᠮᠳᠠᠭᠠᠨ ᠢᠶᠠᠨ | ᠲᠡᠩᠴᠡᠭᠦᠷᠢᠲᠡᠶ ᠪᠠᠶᠢᠯᠭᠠᠵᠦ᠂ ᠳᠠᠪᠤᠰᠤᠨ ᠤ ᠬᠡᠮᠵᠢᠶ᠎ᠡ ᠪᠠ ᠤᠭᠤᠷᠠᠭ ᠤᠨ ᠬᠡᠮᠵᠢᠶ᠎ᠡ ᠶᠢ ᠪᠠᠭᠠᠰᠬᠠᠵᠦ᠂ ᠢᠳᠡᠰᠢᠨ | ᠨᠣᠭᠤᠭ᠎ᠠ ᠪᠠ ᠵᠢᠮᠢᠰ ᠢᠳᠡᠭᠦ ᠪᠠᠨ ᠵᠣᠬᠢᠰᠲᠠᠶ ᠨᠡᠮᠡᠭᠳᠡᠭᠦᠯᠵᠦ᠂ ᠰᠢᠮ᠎ᠡ ᠲᠡᠵᠢᠭᠡᠯ ᠢ ᠲᠡᠩᠴᠡᠭᠦᠷᠢᠲᠡᠶ | ᠲᠣᠬᠢᠷᠠᠭᠤᠯᠬᠤ ᠶᠢ ᠪᠠᠲᠤᠯᠠᠬᠤ ᠬᠡᠷᠡᠭᠲᠡᠶ᠃ | ④ ᠬᠡᠲᠦᠷᠬᠡᠶ ᠶᠠᠳᠠᠷᠠᠬᠤ | ᠬᠡᠲᠦᠷᠬᠡᠶ ᠶᠠᠳᠠᠷᠠᠪᠠᠯ ᠪᠡᠶ᠎ᠡ ᠮᠠᠬᠠᠪᠤᠳ ᠴᠢᠯᠡᠵᠦ᠂ ᠪᠥᠭᠡᠷ᠎ᠡ ᠶᠢᠨ ᠬᠡᠪ ᠤᠨ ᠠᠵᠢᠯᠯᠠᠭ᠎ᠠ ᠶᠢ ᠨᠥᠯᠥᠭᠡᠯᠡᠳᠡᠭ᠃ | ᠡᠶᠢᠮᠦ ᠠᠴᠠ ᠪᠢᠳᠡ ᠠᠵᠢᠯᠯᠠᠬᠤ ᠠᠮᠠᠷᠠᠬᠤ ᠪᠠᠨ ᠵᠣᠬᠢᠰᠲᠠᠶ ᠲᠣᠬᠢᠷᠠᠭᠤᠯᠵᠤ᠂ ᠤᠷᠲᠤ ᠬᠤᠭᠤᠴᠠᠭ᠎ᠠ ᠪᠠᠷ ᠬᠡᠲᠦᠷᠬᠡᠶ | ᠶᠠᠳᠠᠷᠠᠬᠤ ᠠᠴᠠ ᠵᠠᠶᠢᠯᠠᠰᠬᠢᠬᠦ ᠬᠡᠷᠡᠭᠲᠡᠶ᠃ | ⑤ ᠤᠰᠤ ᠤᠣᠭᠤᠬᠤ ᠨᠢ ᠭᠦᠢᠴᠡᠳ ᠦᠭᠡᠢ | ᠤᠰᠤ ᠭᠦᠢᠴᠡᠳ ᠤᠤᠭᠤᠬᠤ ᠦᠭᠡᠢ ᠪᠤᠯ ᠰᠢᠭᠡᠰᠦ ᠶᠢ ᠥᠳᠬᠡᠷᠡᠭᠦᠯᠵᠦ᠂ ᠴᠢᠯᠠᠭᠤᠰᠢᠷᠡᠯ ᠪᠠ ᠬᠠᠯᠳᠠᠪᠤᠷᠢᠯᠠᠯ | ᠡᠭᠦᠰᠬᠦ ᠲᠦᠭᠰᠢᠭᠦᠷᠢ ᠶᠢ ᠨᠡᠮᠡᠭᠳᠡᠭᠦᠯᠳᠡᠭ᠃ ᠡᠶᠢᠮᠦ ᠠᠴᠠ ᠪᠢᠳᠡ ᠡᠳᠦᠷ ᠪᠦᠷᠢ ᠭᠦᠢᠴᠡᠳ ᠤᠰᠤ ᠤᠣᠭᠤᠬᠤ ᠶᠢ | ᠪᠠᠲᠤᠯᠠᠵᠤ᠂ ᠰᠢᠭᠡᠰᠦᠨ ᠤ ᠥᠩᠭᠡ ᠪᠠᠨ ᠲᠤᠩᠭᠠᠯᠠᠭ ᠪᠤᠶᠤ ᠭᠦᠢᠬᠡᠨ ᠰᠢᠷ᠎ᠠ ᠥᠩᠭᠡ ᠲᠠᠢ ᠪᠠᠶᠢᠯᠭᠠᠵᠤ᠂ | ᠴᠢᠯᠠᠭᠤᠰᠢᠷᠡᠯ ᠡᠭᠦᠰᠬᠦ ᠪᠠ ᠰᠢᠭᠡᠰᠦ ᠢᠯᠭᠠᠷᠠᠭᠤᠯᠬᠤ ᠦᠷᠡᠵᠢᠯ ᠤᠨ ᠵᠠᠮ ᠤᠨ ᠬᠠᠯᠳᠠᠪᠤᠷᠢᠯᠠᠯ ᠡᠭᠦᠰᠬᠦ ᠶᠢ ᠤᠯᠠᠮ | ᠨᠢᠭᠡ ᠠᠯᠬᠤᠮ ᠪᠠᠭᠠᠰᠬᠠᠪᠠᠯ ᠵᠤᠬᠢᠨ᠎ᠠ᠃ |