ᠮᠠᠨ ᠤ ᠣᠷᠣᠨ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠬᠦᠴᠦᠨ ᠢᠶᠠᠷ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/3/19
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠤᠰᠢᠭᠤ ᠰᠢᠶᠠᠨ ᠤ ᠠᠵᠤ ᠠᠬᠤᠢ ᠶᠢᠨ ᠰᠢᠨ᠎ᠡ ᠶᠢ ᠡᠭᠦᠳᠬᠦ᠂ ᠪᠣᠬᠢᠷᠳᠤᠯ ᠦᠭᠡᠢ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠪᠠ᠃    ︽ᠲᠥᠰᠥᠯ︾ ᠳᠤ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠵᠡᠷᠭᠡ 8 ᠶᠡᠭᠡ ᠲᠠᠯ᠎ᠠ ᠶᠢᠨ 16 ᠵᠦᠢᠯ ᠤᠨ ᠪᠣᠳᠠᠲᠠᠢ ᠭᠦᠢᠴᠡᠳᠬᠡᠯ ᠲᠤᠭ᠎ᠠ ᠪᠠᠷ ᠬᠤᠰᠢᠭᠤ ᠰᠢᠶᠠᠨ ᠤ ᠰᠢᠨ᠎ᠡ ᠶᠢ ᠡᠭᠦᠳᠬᠦ ᠬᠢᠷᠢ ᠲᠦᠪᠰᠢᠨ ᠳᠤ ᠦᠨᠡᠯᠡᠯᠲᠡ ᠬᠢᠵᠦ᠂ ᠡᠯ᠎ᠡ ᠬᠤᠰᠢᠭᠤ ᠰᠢᠶᠠᠨ ᠢ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠳᠤ ᠬᠤᠪᠢᠶᠠᠪᠠ᠃ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠭᠦ ᠶᠢ ᠵᠣᠷᠢᠭᠵᠢᠭᠤᠯᠬᠤ ᠶᠢᠨ ᠲᠥᠯᠥᠭᠡ᠂ ᠲᠦᠷᠦᠭᠦᠦ ᠤᠳᠠᠭᠠᠨ ᠤ ᠣᠨ ᠤ ᠬᠢᠨᠠᠨ ᠬᠡᠮᠵᠢᠯᠲᠡ ᠳᠤ ᠨᠢᠭᠡᠳᠦᠭᠡᠷ ᠲᠥᠷᠥᠯ ᠳᠤ ᠣᠷᠣᠭᠰᠠᠨ ᠬᠤᠰᠢᠭᠤ ᠰᠢᠶᠠᠨ ᠳᠤ 300 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠣᠯᠭᠤᠵᠤ᠂ ᠳᠠᠷᠠᠭᠠᠬᠢ ᠣᠨ ᠳᠤ ᠨᠢᠭᠡᠳᠦᠭᠡᠷ ᠲᠥᠷᠥᠯ ᠳᠤ ᠣᠷᠣᠭᠰᠠᠨ ᠲᠦᠷᠦᠭᠦᠦ 3 ᠬᠤᠰᠢᠭᠤ ᠰᠢᠶᠠᠨ ᠢ 500 ᠲᠦᠮᠡᠨ ᠲᠥᠭᠦᠷᠢᠭ ᠢᠶᠠᠷ ᠱᠠᠩᠨᠠᠨ᠎ᠠ ᠭᠡᠵᠦ ᠲᠣᠳᠣᠷᠬᠠᠶᠢᠯᠠᠪᠠ᠃ ᠬᠢᠨᠠᠨ ᠬᠡᠮᠵᠢᠯᠲᠡ ᠦᠨᠡᠯᠡᠯᠲᠡ ᠳᠤᠮᠳᠠ ᠲᠥᠷᠥᠯ ᠢᠯᠭᠠᠯ ᠨᠢ ᠳᠡᠭᠡᠭᠰᠢᠯᠡᠭᠰᠡᠨ ᠪᠤᠶᠤ ᠨᠡᠷᠡᠰ ᠤᠨ ᠵᠢᠭᠰᠠᠭᠠᠯᠲᠠ ᠨᠢ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠬᠤᠰᠢᠭᠤ ᠰᠢᠶᠠᠨ ᠳᠤ ᠵᠣᠬᠢᠬᠤ ᠪᠡᠯᠡ ᠮᠥᠩᠭᠦ ᠶᠢᠨ ᠱᠠᠩᠨᠠᠯ ᠣᠯᠭᠤᠨ᠎ᠠ᠃ ᠡᠭᠦᠨ ᠤ ᠬᠠᠮᠲᠤ ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠬᠠᠮᠲᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠥᠷᠨᠢᠭᠦᠯᠦᠨ᠎ᠡ ᠭᠡᠵᠡᠢ᠃    ︽ᠲᠥᠰᠥᠯ︾ ᠳᠤ᠂ 2027 ᠣᠨ ᠪᠤᠯᠬᠤ ᠳᠤ᠂ ᠡᠯ᠎ᠡ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠢᠳᠡᠪᠬᠢᠵᠢᠯ ᠢ ᠢᠯᠡᠳᠲᠡ ᠳᠡᠭᠡᠭᠰᠢᠯᠡᠭᠦᠯᠵᠦ᠂ ᠪᠦᠭᠦ ᠣᠷᠣᠨ ᠳᠤ ᠬᠤᠰᠢᠭᠤ ᠰᠢᠶᠠᠨ ᠤ ᠰᠢᠨ᠎ᠡ ᠶᠢ ᠡᠭᠦᠳᠬᠦ ᠲᠠᠯ᠎ᠠ ᠪᠠᠷ ᠠᠳᠠᠯᠢᠳᠬᠠᠨ ᠰᠤᠷᠴᠤ ᠭᠦᠢᠴᠡᠨ ᠳᠠᠪᠠᠭ᠋ᠤ ᠰᠠᠶᠢᠨ ᠰᠠᠶᠢᠬᠠᠨ ᠪᠠᠶᠢᠳᠠᠯ ᠢ ᠪᠤᠶ ᠪᠤᠯᠭᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠥᠷᠥᠯ ᠤᠨ ᠬᠤᠰᠢᠭᠤ ᠰᠢᠶᠠᠨ ᠤ ᠲᠤᠭ᠎ᠠ ᠬᠡᠮᠵᠢᠶ᠎ᠡ ᠪᠦᠲᠦᠴᠡ ᠶᠢ ᠢᠯᠡᠳᠲᠡ ᠰᠢᠯᠢᠳᠡᠭᠵᠢᠭᠦᠯᠦᠨ᠎ᠡ᠃ 2035 ᠣᠨ ᠪᠤᠯᠬᠤ ᠳᠤ᠂ ᠬᠤᠰᠢᠭᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠨᠢᠭᠡᠳᠦᠭᠡᠷ ᠲᠥᠷᠥᠯ ᠤᠨ ᠬᠤᠰᠢᠭᠤ ᠰᠢᠶᠠᠨ ᠤ ᠲᠤᠭ᠎ᠠ ᠬᠡᠮᠵᠢᠶ᠎ᠡ ᠶᠢ 30% ᠠᠴᠠ ᠳᠠᠪᠠᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠥᠪᠥᠷ ᠮᠣᠩᠭᠤᠯ ᠤᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠦ ᠳᠤᠷᠠᠳᠴᠠᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号